ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/20
    9 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 10 ᠳ᠋ᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠬᠦᠴᠦᠯᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠦᠢᠯᠡᠴᠢᠯᠡᠵᠦ᠂ ᠪᠠᠲᠤᠯᠠᠬᠤ ᠬᠡᠷᠡᠭᠲᠡᠢ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠣᠨ ᠤ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠬᠥᠭᠵᠢᠭᠦᠯᠬᠦ ᠶᠢ ᠲᠡᠷᠢᠭᠦᠨ ᠴᠢᠬᠤᠯᠠ ᠡᠭᠦᠷᠭᠡ ᠪᠣᠯᠭᠠᠨ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠦᠢᠯᠡᠰ ᠢ ᠬᠦᠴᠦᠷᠬᠡᠭᠵᠢᠭᠦᠯᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠂ ᠠᠷᠠᠳ ᠤᠨ ᠠᠮᠢᠳᠤᠷᠠᠯ ᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                              ᠣᠷᠴᠢᠭᠤᠯᠤᠭᠴᠢ᠄ ᠭᠤᠸ᠎ᠠ                                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2