ᠯᠢᠶᠠᠩᠴᠧᠩ ᠰᠢᠶᠠᠨ᠄ 3000 ᠮᠥ ᠣᠷᠭᠠᠨᠢᠭ ᠰᠢᠷ᠎ᠠ ᠪᠤᠷᠴᠠᠭ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2022/9/20
   ᠯᠢᠶᠠᠩᠴᠧᠩ ᠰᠢᠶᠠᠨ ᠤ ᠬᠢᠨ ᠣᠷᠭᠠᠨᠢᠭ ᠬᠠᠭᠤᠷᠠᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠺᠣᠮᠫᠠᠨᠢ᠂ ᠬᠤᠷᠰᠢᠶ᠎ᠠ᠂ ᠲᠠᠷᠢᠮᠠᠯ ᠤᠨ ᠲᠤᠮᠤ ᠡᠷᠦᠬᠡ ᠶᠢᠨ ᠣᠷᠭᠠᠨᠢᠭ ᠲᠠᠷᠢᠶᠠᠯᠠᠩ ᠤᠨ ᠲᠠᠷᠢᠮᠠᠯ ᠲᠠᠷᠢᠬᠤ ᠶᠢ ᠢᠳᠡᠪᠬᠢᠲᠡᠢ ᠬᠦᠳᠦᠯᠦᠨ ᠵᠢᠯᠣᠭᠤᠳᠴᠤ ᠵᠣᠷᠢᠭᠵᠢᠭᠤᠯᠪᠠ᠂ ᠤᠢᠢᠷ᠎ᠠ ᠳᠤ᠂ ᠯᠢᠶᠠᠩᠴᠧᠩ ᠰᠢᠶᠠᠨ ᠤ ᠶᠦᠨ ᠵᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠲᠠᠷᠢᠭᠰᠠᠨ 3000 ᠮᠦ ᠣᠷᠭᠠᠨᠢᠭ ᠬᠠᠭᠤᠷᠠᠢ ᠶᠢᠨ ᠰᠢᠷ᠎ᠠ ᠪᠤᠷᠴᠠᠭ ᠡᠯᠪᠡᠭ ᠬᠤᠷᠢᠶᠠᠯᠲᠠ ᠣᠯᠵᠠᠢ᠃    ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠣᠨᠴᠠᠭᠠᠢ ᠬᠥᠷᠥᠰᠥ ᠰᠢᠷᠣᠢ᠂ ᠠᠭᠤᠷ ᠠᠮᠢᠰᠬᠤᠯ ᠤᠨ ᠳᠠᠪᠠᠭᠤᠯᠢᠭ ᠲᠠᠭᠠᠨ ᠲᠦᠰᠢᠭᠯᠡᠵᠦ᠂ ᠬᠠᠭᠤᠷᠠᠢ ᠲᠠᠷᠢᠶᠠᠨ ᠳᠤ ᠡᠯᠳᠡᠪ ᠠᠮᠤ ᠲᠠᠷᠢᠬᠤ ᠶᠢ ᠶᠡᠬᠡᠪᠡᠷ ᠳᠡᠯᠭᠡᠷᠡᠭᠦᠯᠦᠨ ᠬᠥᠭᠵᠢᠭᠦᠯᠵᠡᠢ᠃ ᠡᠨᠡ ᠵᠢᠯ᠂ ᠯᠢᠶᠠᠩᠴᠧᠩ ᠰᠢᠶᠠᠨ ᠤ ᠶᠦᠨ ᠵᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠦᠬᠦ ᠰᠢᠶᠠᠨ ᠤ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠮᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ 2.23 ᠲᠦᠮᠡᠨ ᠮᠦ ᠣᠷᠭᠠᠨᠢᠭ ᠲᠠᠷᠢᠶᠠᠯᠠᠩ ᠤᠨ ᠲᠠᠷᠢᠮᠠᠯ ᠤᠨ ᠡᠭᠦᠷᠭᠡ ᠶᠢ ᠪᠡᠶᠡᠯᠡᠭᠦᠯᠵᠦ᠂ ᠲᠠᠷᠢᠬᠤ᠂ ᠡᠪᠡᠰᠦ ᠠᠷᠢᠯᠭᠠᠬᠤ ᠠᠴᠠ ᠨᠠᠮᠤᠷ ᠤᠨ ᠬᠤᠷᠢᠶᠠᠯᠲᠠ ᠬᠦᠷᠲᠡᠯ᠎ᠡ᠂ ᠠᠵᠢᠯ ᠤᠨ ᠪᠣᠭᠤᠮᠲᠠ ᠨᠢᠭᠡᠪᠦᠷᠢ ᠶᠢ ᠴᠢᠩᠭ᠎ᠠ ᠠᠳᠬᠤᠪᠠ᠃ ᠡᠭᠦᠨ ᠳᠤ 3000 ᠮᠥ ᠬᠠᠭᠤᠷᠠᠶ ᠲᠠᠷᠢᠶᠠᠨ ᠤ ᠣᠷᠭᠠᠨᠢᠭ ᠰᠢᠷ᠎ᠠ ᠪᠤᠷᠴᠠᠭ ᠢ ᠪᠦᠬᠦᠨ ᠢᠶᠠᠷ ᠨᠢ 1137 ᠲᠥᠷᠥᠯ ᠤᠨ ᠮᠧᠩ  ᠳ᠋ᠸᠦ ᠪᠤᠷᠴᠠᠭ ᠢ ᠰᠣᠩᠭᠤᠨ ᠬᠡᠷᠡᠭᠯᠡᠵᠦ᠂ ᠮᠥᠬᠦᠯᠢᠭ ᠨᠢ ᠶᠡᠭᠡ᠂ ᠡᠷᠲᠡ ᠪᠣᠯᠪᠠᠰᠤᠷᠠᠭᠰᠠᠨ ᠳᠠᠪᠠᠭᠤᠯᠢᠭ ᠲᠠᠢ ᠪᠠᠶᠢᠵᠤ᠂ ᠡᠨᠡ ᠵᠢᠯ ᠡᠯᠪᠡᠭ ᠬᠤᠷᠢᠶᠠᠯᠲᠠ ᠣᠯᠤᠭᠰᠠᠨ ᠪᠠᠶᠢᠨ᠎ᠠ᠃    ᠯᠢᠶᠠᠩᠴᠧᠩ ᠰᠢᠶᠠᠨ ᠤ ᠬᠠᠭᠤᠷᠠᠶ ᠲᠠᠷᠢᠶᠠᠨ ᠤ ᠡᠯᠳᠡᠪ ᠠᠮᠤ ᠳᠠᠷᠢᠬᠤ ᠬᠡᠪᠴᠢᠶ᠎ᠡ ᠶᠢᠨ ᠲᠠᠰᠤᠷᠠᠯᠲᠠ ᠥᠬᠡᠶ ᠥᠷᠭᠡᠳᠬᠦ ᠪᠠ ᠴᠢᠨᠠᠷ ᠴᠢᠨᠰᠠᠭ᠎ᠠ ᠶᠢᠨ ᠲᠠᠰᠤᠷᠠᠯᠲᠠ ᠥᠬᠡᠶ ᠳᠡᠭᠡᠭᠰᠢᠯᠡᠬᠦ ᠶᠢ ᠳᠠᠭᠠᠯᠳᠤᠨ᠂ 2022 ᠣᠨ ᠳᠤ᠂ ︽ᠯᠢᠶᠠᠩᠴᠧᠩ ᠰᠢᠶᠠᠨ ᠤ ᠬᠠᠭᠤᠷᠠᠶ ᠠᠮᠤ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠳᠡᠩᠰᠡᠯᠡᠯᠲᠡ ᠶᠢᠨ ᠭᠡᠷᠡᠴᠢᠯᠡᠯᠲᠡ ᠶᠢ ᠵᠢᠩᠬᠢᠨᠢ ᠪᠠᠷ ᠪᠠᠲᠤᠯᠠᠪᠠ᠃ ᠨᠠᠷᠠᠲᠤ ᠲᠡᠮᠳᠡᠭᠲᠦ ᠪᠠᠷ ᠬᠦᠴᠦᠨ ᠨᠡᠮᠡᠷᠢᠯᠡᠵᠦ᠂ ᠯᠢᠶᠠᠩᠴᠧᠩ ᠰᠢᠶᠠᠨ ᠤ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ᠂ ᠨᠠᠷᠠᠲᠤ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠬᠦ ᠳᠤ ᠴᠥᠮ ᠢᠳᠡᠪᠬᠢᠲᠡᠶ  ᠦᠢᠯᠡᠳᠦᠯ ᠦᠵᠡᠭᠦᠯᠵᠦ᠂ ᠯᠢᠶᠠᠩᠴᠧᠩ ᠤᠨ ᠴᠢᠨᠠᠷ ᠰᠠᠶᠢᠲᠠᠶ ᠡᠯᠳᠡᠪ ᠠᠮᠤ ᠪᠤᠳᠠᠭ᠎ᠠ ᠶᠢ ᠪᠥᠬᠦ ᠤᠯᠤᠰ ᠤᠨ ᠵᠠᠬ᠎ᠠ ᠳᠡᠯᠭᠡᠭᠦᠷ ᠲᠤ ᠣᠷᠣᠭᠤᠯᠬᠤ ᠳᠤ ᠠᠰᠢᠭᠲᠠᠶ ᠪᠣᠯᠭᠠᠵᠠᠶ᠃                                                                ᠣᠷᠴᠢᠭᠤᠯᠤᠭᠴᠢ᠄ ᠭᠤᠸ᠎ᠠ                                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2