ᠰᠦᠢ ᠸᠧᠢ ᠵᠢᠶᠦ᠋ᠨ ᠵᠢᠨᠢᠩ ᠲᠣᠭᠤᠷᠢᠭ ᠲᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2022/9/22
   9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ᠂ ᠲᠤᠬᠠᠶ ᠶᠢᠨ ᠲᠠᠯᠠᠪᠤᠷ ᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠥᠭᠡᠳ ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠢ ᠰᠣᠨᠣᠰᠪᠠ᠃    ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ᠂ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠬᠠᠭᠤᠴᠢᠨ ᠵᠢᠵᠢᠭ ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠶᠢᠨ ᠲᠣᠣᠷ ᠢ ᠥᠭᠡᠷᠡᠴᠢᠯᠡᠬᠦ ᠪᠠ ᠭᠡᠷ ᠪᠠᠶᠢᠰᠢᠩ ᠬᠤᠳᠠᠯᠳᠤᠨ ᠠᠪᠬᠤ ᠥᠷᠢ ᠰᠢᠷᠢ ᠶᠢᠨ ᠠᠰᠠᠭᠤᠳᠠᠯ ᠢ ᠲᠤᠰ ᠲᠤᠰ ᠲᠤᠰᠬᠠᠪᠠ᠂ ᠰᠦᠢ ᠸᠧᠶ ᠵᠢᠶᠦ᠋ᠨ ᠭᠤᠮᠣᠳᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ ᠬᠡᠯᠡᠬᠦ ᠳᠡᠭᠡᠨ᠂ ᠤᠤᠭᠤᠬᠤ ᠤᠰᠤ᠂ ᠣᠷᠣᠨ ᠰᠠᠭᠤᠴᠠ ᠶᠢᠨ ᠠᠰᠠᠭᠤᠳᠠᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠪᠣᠳᠠᠲᠠᠶ ᠠᠰᠠᠭᠤᠳᠠᠯ ᠮᠥᠨ᠂ ᠡᠷᠬᠡᠪᠰᠢ ᠬᠠᠤᠯᠢ ᠲᠣᠭᠲᠠᠭᠠᠯ ᠶᠣᠰᠣᠭᠠᠷ᠂ ᠦᠨᠡᠨ ᠬᠡᠷᠡᠭ ᠠᠴᠠ ᠵᠥᠪ ᠢ ᠡᠷᠢᠵᠦ ᠬᠤᠭᠤᠴᠠᠭ᠎ᠠ ᠲᠣᠭᠲᠠᠭᠠᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ︽ᠨᠢᠭᠡ ᠬᠦᠰᠡᠯ ᠱᠠᠭᠠᠷᠳᠠᠯᠭ᠎ᠠ︾ ᠶᠢ ᠰᠢᠢᠳᠪᠦᠷᠢᠯᠡᠬᠦ ᠶᠢ ︽ᠨᠢᠭᠡ ᠵᠦᠢᠯ ᠤᠨ ᠶᠠᠪᠤᠳᠠᠯ︾ ᠪᠣᠯᠭᠠᠨ ᠬᠤᠪᠢᠷᠠᠭᠤᠯᠬᠤ ᠬᠡᠷᠡᠭᠲᠡᠶ ᠭᠡᠵᠡᠶ᠃    ᠰᠦᠢ ᠸᠧᠶ ᠵᠢᠶᠦ᠋ᠨ ᠬᠡᠯᠡᠬᠦ ᠳᠡᠭᠡᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠣᠯᠠᠨ ᠲᠦᠮᠡᠨ ᠤ ᠠᠵᠢᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠪᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ᠂ ᠨᠡᠶᠢᠲᠡᠯᠢᠭ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨ ᠠᠭᠤᠳᠠᠯᠵᠤ᠂ ᠰᠢᠢᠳᠪᠦᠷᠢᠯᠡᠬᠦ ᠠᠷᠭ᠎ᠠ ᠵᠠᠮ ᠢ ᠣᠨᠣᠪᠴᠢᠲᠠᠶ ᠡᠷᠢᠨ ᠣᠯᠵᠤ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠬᠡᠷᠡᠭ ᠢ ᠳᠠᠭᠤᠰᠬᠠᠵᠤ ᠶᠠᠪᠤᠳᠠᠯ ᠢ ᠳᠠᠭᠤᠰᠬᠠᠬᠤ ᠪᠠᠷ ᠠᠳᠠᠯᠢ ᠲᠥᠷᠥᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠳᠠᠶᠢᠴᠢᠯᠠᠬᠤ ᠬᠡᠷᠡᠭᠲᠡᠶ᠃ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠵᠤ᠂ ᠦᠨᠳᠦᠰᠦᠨ ᠱᠠᠲᠤᠨ ᠳᠤᠨᠢ ᠠᠷᠢᠯᠭᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠡᠭᠦᠳᠡ ᠪᠠᠨ ᠨᠡᠭᠡᠭᠡᠵᠦ᠂ ᠤᠯᠠᠨ ᠲᠦᠮᠡᠨ ᠤ ᠵᠣᠭᠰᠣᠯᠲᠠ ᠳᠤ ᠵᠣᠭᠰᠣᠨ ᠥᠪᠡᠷ ᠤᠨ ᠪᠡᠶ᠎ᠡ ᠪᠠᠷ ᠢᠶᠠᠨ ᠤᠯᠠᠨ ᠲᠦᠮᠡᠨ ᠤ ᠲᠥᠯᠥᠭᠡ ᠪᠣᠳᠣᠯᠬᠢᠯᠠᠵᠤ᠂ ᠠᠰᠠᠭᠤᠳᠠᠯ ᠢ ᠰᠢᠢᠳᠪᠦᠷᠢᠯᠡᠬᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠶ᠎ᠠ ᠣᠷᠣᠨ ᠤ ᠬᠠᠮᠢᠶᠠᠷᠤᠯᠲᠠ ᠶᠢ ᠴᠢᠩᠳᠠᠯᠠᠵᠤ᠂ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠪᠣᠭᠤᠮᠲᠠ ᠶᠢ ᠪᠠᠲᠤ ᠰᠠᠬᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃    ᠬᠤᠲᠠ ᠶᠢᠨ ᠤᠳᠤᠷᠢᠳᠤᠯᠭ᠎ᠠ ᠴᠢᠶᠣᠤ ᠶᠦᠨ ᠯᠢ᠂ ᠯᠢᠦ ᠭᠦᠸᠧ ᠭᠠᠩ᠂ ᠵᠠᠩ ᠶᠦᠩ ᠸᠧᠨ ᠰᠤᠷᠪᠤᠯᠵᠢᠯᠠᠭ᠎ᠠ ᠶᠢ ᠬᠦᠯᠢᠶᠡᠨ ᠠᠪᠬᠤ ᠳᠤ ᠣᠷᠣᠯᠴᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2