ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠮᠠᠨ ᠤ ᠬᠤᠲᠠ  ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/23
    9 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠲᠤᠰᠬᠠᠶ ᠲᠤᠰᠢᠶᠠᠯᠲᠤ ᠳᠡᠳ᠋ ᠡᠷᠬᠢᠯᠡᠭᠴᠢ ᠴᠧᠨ ᠵᠠᠩ ᠴᠢᠤᠸᠠᠨ ᠨᠠᠷ ᠮᠠᠨ ᠤ ᠬᠤᠲᠠ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠭᠤᠷᠪᠠ ᠶᠢ ᠲᠦᠭᠡᠮᠡᠯᠵᠢᠭᠦᠯᠬᠦ ᠠᠯᠪᠠᠨ ᠬᠡᠷ ᠤᠨ ᠡᠷᠬᠢᠯᠡᠭᠴᠢ ᠡᠤ ᠰᠢᠶᠠᠩ ᠯᠢᠶᠠᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠭᠤᠷᠪᠠ ᠶᠢ ᠲᠦᠭᠡᠮᠡᠯᠵᠢᠭᠦᠯᠬᠦ ᠠᠯᠪᠠᠨ ᠬᠡᠷ ᠤᠨ ᠳᠡᠳ᠋ ᠡᠷᠬᠢᠯᠡᠭᠴᠢ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠤᠨ ᠳᠠᠷᠤᠭ᠎ᠠ ᠬᠤ᠋ ᠶᠢᠤ ᠯᠢᠨ᠂ ᠬᠤᠲᠠ ᠶᠢᠨ ᠳᠡᠳ᠋ ᠳᠠᠷᠤᠭ᠎ᠠ ᠯᠢ ᠵᠢᠶᠠᠨ ᠵᠢᠶᠦ᠋ᠨ ᠪᠠᠶᠢᠴᠠᠭᠠᠨ ᠰᠤᠳᠤᠯᠤᠯᠲᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠳᠠ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰ ᠲᠤᠰ ᠰᠣᠨᠣᠰᠴᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠳ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠥᠷᠥᠰᠥ ᠰᠢᠷᠣᠶ ᠶᠢᠨ ᠨᠡᠶᠢᠳᠡᠮ ᠤᠨ ᠪᠠᠶᠢᠴᠠᠭᠠᠯᠲᠠ ᠶᠢᠨ ᠰᠤᠳᠠᠰᠤ ᠶᠢ ᠠᠳᠬᠤᠨ ᠴᠢᠭᠯᠡᠯ ᠢ ᠲᠣᠭᠲᠠᠭᠠᠵᠤ᠂ ᠬᠦᠴᠦᠨ ᠴᠢᠳᠠᠯ ᠢᠶᠠᠨ ᠨᠡᠮᠡᠷᠢᠯᠡᠪᠡ᠃     ᠴᠧᠨ ᠵᠠᠩ ᠴᠢᠤᠸᠠᠨ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠮᠡᠷᠭᠡᠵᠢᠯ ᠤᠨ ᠰᠢᠰᠲ᠋ᠧᠮ᠂ ᠪᠠᠲᠤᠯᠠᠭ᠎ᠠ ᠶᠢᠨ ᠰᠢᠰᠲ᠋ᠧᠮ᠂ ᠶᠠᠰᠤ ᠴᠢᠨᠠᠷ ᠤᠨ ᠡᠵᠡᠮᠳᠡᠯ ᠤᠨ ᠰᠢᠰᠲ᠋ᠧᠮ ᠢ ᠰᠠᠶᠢᠲᠤᠷ ᠪᠠᠶᠢᠭᠤᠯᠵᠤ᠂ ᠭᠤᠷᠪᠠ ᠶᠢ ᠲᠦᠭᠡᠮᠡᠯᠵᠢᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠨ ᠪᠦᠰᠡ ᠶᠢᠨ ᠣᠨᠴᠠᠯᠢᠭ ᠲᠠᠢ ᠪᠠᠨ ᠤᠶᠠᠯᠳᠤᠭᠤᠯᠤᠨ ᠪᠠᠶᠢᠴᠠᠭᠠᠯᠲᠠ ᠥᠷᠨᠢᠭᠦᠯᠵᠦ᠂ ᠦᠷ᠎ᠡ ᠪᠦᠲᠦᠭᠡᠯ ᠤᠨ ᠤᠳᠤᠷᠢᠳᠤᠮᠵᠢ ᠶᠢ ᠲᠤᠪᠤᠶᠢᠯᠭᠠᠵᠦ᠂ ᠣᠷᠣᠨ ᠨᠤᠲᠤᠭ ᠤᠨ ᠵᠠᠰᠠᠭ ᠤᠨ ᠣᠷᠳᠣᠨ ᠳᠤ ᠵᠦᠢ ᠵᠣᠬᠢᠰᠲᠠᠢ᠂ ᠦᠢᠯᠡᠳᠪᠦᠷᠢᠯᠡᠯ ᠢ ᠠᠬᠢᠭᠤᠯᠵᠤ ᠪᠣᠯᠬᠤ ᠯᠠᠪᠯᠠᠯᠲᠠ ᠶᠢᠨ ᠰᠠᠨᠠᠯ ᠬᠠᠩᠭᠠᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠰᠠᠭᠤᠷᠢ ᠴᠢᠨᠠᠷᠲᠠᠶ ᠠᠵᠢᠯ ᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠪᠠᠨ ᠴᠢᠩᠭᠠᠳᠬᠠᠵᠤ᠂ ᠢᠷᠡᠬᠦ ᠵᠢᠯ ᠤᠨ ᠪᠦᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠶ᠃ ᠮᠡᠷᠭᠡᠵᠢᠯ ᠢᠶᠠᠷ ᠳᠡᠮᠵᠢᠬᠦ ᠡᠩᠨᠡᠭᠡ ᠪᠣᠯᠤᠨ‌‍ᠰᠢᠰᠲ᠋ᠧᠮ ᠢ ᠰᠠᠶᠢᠲᠤᠷ ᠵᠣᠬᠢᠶᠠᠨ ᠪᠠᠶᠢᠭᠤᠯᠵᠤ᠂ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠬᠤᠵᠢᠷᠯᠢᠬ ᠭᠠᠵᠠᠷ ᠤᠨ ᠲᠤᠰᠬᠠᠢ ᠲᠦᠷᠦᠯ ᠤᠨ ᠪᠠᠶᠢᠴᠠᠭᠠᠯᠲᠠ ᠶᠢ ᠵᠡᠷᠭᠡᠪᠡᠷ ᠠᠬᠢᠭᠤᠯᠵᠤ᠂ ᠭᠤᠷᠪᠠᠳᠤᠭᠠᠷ ᠤᠳᠠᠭ᠎ᠠ ᠶᠢᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠯᠢ ᠵᠢᠶᠠᠨ ᠵᠢᠶᠦ᠋ᠨ᠂ ᠮᠠᠨ ᠤ ᠬᠤᠲᠠ ᠨᠡᠶᠢᠳᠡᠮ ᠪᠠᠶᠢᠴᠠᠭᠠᠯᠲᠠ ᠶᠢᠨ ᠬᠦᠴᠦᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠡᠵᠡᠮᠳᠡᠯ ᠢ ᠴᠢᠩᠳᠠᠯᠠᠵᠤ᠂ ᠲᠤᠷᠰᠢᠯᠲᠠ ᠶᠢᠨ ᠲᠤᠷᠰᠢᠯᠭ᠎ᠠ ᠶᠢ ᠰᠠᠶᠢᠲᠤᠷ ᠬᠡᠷᠡᠭᠯᠡᠨ᠂ ᠢᠳᠡᠪᠬᠢᠲᠡᠶ ᠪᠠᠷ ᠤᠬᠠᠭᠤᠯᠤᠨ ᠬᠥᠲᠥᠯᠦᠨ ᠵᠢᠯᠣᠭᠤᠳᠴᠤ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠢᠶᠠᠷ ᠠᠬᠢᠭᠤᠯᠤᠨ᠎ᠠ ᠭᠡᠵᠦ ᠢᠯᠡᠷᠬᠡᠶᠢᠯᠡᠪᠡ᠃     ᠮᠠᠨ ᠤ ᠬᠤᠲᠠ ᠳᠤ ᠪᠠᠶᠢᠬᠤ ᠬᠤᠭᠤᠴᠠᠭᠠᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠ ᠶᠢ ᠲᠦᠭᠡᠮᠡᠯᠵᠢᠭᠦᠯᠬᠦ ᠠᠯᠪᠠᠨ ᠬᠡᠷ ᠤᠨ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠹᠧᠩᠵᠧᠨ ᠬᠤᠲᠠ ᠳᠤ ᠭᠦᠨᠵᠡᠭᠡᠶᠢᠷᠡᠨ᠂ ᠲᠤᠷᠰᠢᠯᠲᠠ ᠶᠢᠨ ᠬᠤᠰᠢᠭᠤ ᠰᠢᠶᠠᠨ ᠤ ᠭᠤᠷᠪᠠ ᠶᠢ ᠲᠦᠭᠡᠮᠡᠯᠵᠢᠭᠦᠯᠬᠦ ᠣᠭᠲᠣᠯᠤᠭᠠᠰᠤ ᠶᠢᠨ ᠥᠯᠢᠭᠡᠷ ᠠᠪᠬᠤ ᠲᠤᠬᠠᠶ ᠶᠢᠨ ᠲᠠᠯᠠᠪᠠᠶ᠂ ᠬᠤᠵᠢᠷᠯᠢᠬ ᠭᠠᠵᠠᠷ ᠤᠨ ᠥᠯᠢᠭᠡᠷ ᠠᠪᠬᠤ ᠲᠤᠬᠠᠶ ᠶᠢᠨ ᠲᠠᠯᠠᠪᠠᠶ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠲᠤᠬᠠᠶ ᠶᠢᠨ ᠭᠠᠵᠠᠷ ᠲᠤᠨᠢ ᠠᠵᠢᠯᠯᠠᠭᠤᠯᠪᠠ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2