ᠹᠧᠩᠵᠧᠨ ᠬᠤᠲᠠ 1 — 8 ᠰᠠᠷ᠎ᠠ ᠳᠤ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ 31231.89 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2022/9/23
    1 — 8 ᠰᠠᠷ᠎ᠠ ᠳᠤ᠂ ᠹᠧᠩᠵᠧᠨ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠶᠢ ᠨᠡᠶᠢᠲᠡ 31231.89 ᠲᠦᠮᠡᠨ ᠲᠥᠭᠦᠷᠢᠭ ᠲᠠᠷᠬᠠᠭᠠᠵᠤ᠂ ᠨᠥᠬᠦᠪᠥᠷᠢ ᠪᠠᠯᠠ ᠮᠥᠩᠭᠦ ᠨᠢ 8 ᠬᠦᠷᠢᠶᠡᠨ ᠤ 33 ᠲᠥᠷᠥᠯ ᠤᠨ 39 ᠵᠦᠢᠯ ᠳᠤ ᠬᠤᠯᠪᠣᠭᠳᠠᠵᠤ᠂ ᠬᠤᠲᠠ ᠬᠥᠳᠡᠭᠡ ᠶᠢᠨ 115.7331 ᠲᠦᠮᠡᠨ ᠬᠥᠮᠦᠨ ︵ᠤᠳᠠᠭ᠎ᠠ︶ ᠳᠤ ᠠᠰᠢᠭ ᠬᠦᠷᠲᠡᠭᠡᠪᠡ᠃ ᠡᠭᠦᠨ ᠳᠤ᠄ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠪᠠᠯᠠ ᠮᠥᠩᠭᠦ ᠶᠢ 39.95 ᠲᠦᠮᠡᠨ ᠲᠥᠭᠦᠷᠢᠭ︔ ᠲᠠᠷᠢᠶᠠᠯᠠᠩ ᠤᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 5663.94 ᠲᠦᠮᠡᠨ ᠲᠥᠭᠦᠷᠢᠭ︔ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 23565.23 ᠲᠦᠮᠡᠨ ᠲᠥᠭᠦᠷᠢᠭ︔ ᠣᠶ ᠰᠢᠭᠤᠶ ᠶᠢᠨ ᠲᠥᠷᠥᠯ ᠤᠨ ᠨᠥᠬᠦᠪᠥᠷᠢ 654.51 ᠲᠦᠮᠡᠨ ᠲᠥᠭᠦᠷᠢᠭ︔ ᠴᠠᠯᠢᠩ ᠤᠨ ᠨᠥᠬᠦᠪᠥᠷᠢ ᠶᠢᠨ ᠲᠥᠷᠥᠯ 1231.31 ᠲᠦᠮᠡᠨ ᠲᠥᠭᠦᠷᠢᠭ︔ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠲᠥᠷᠥᠯ ᠳᠤ 53.22 ᠲᠦᠮᠡᠨ ᠲᠥᠭᠦᠷᠢᠭ ︔ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ 9.6 ᠲᠦᠮᠡᠨ ᠲᠥᠭᠦᠷᠢᠭ᠂ ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ 14.13 ᠲᠦᠮᠡᠨ ᠲᠥᠭᠦᠷᠢᠭ ᠪᠣᠯᠤᠨ᠎ᠠ᠃                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2