ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠤᠯᠠᠭᠠᠨᠴᠠᠪ ᠬᠤᠲᠠ ᠶᠢᠨ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ | ᠬᠡᠮᠵᠢᠶ᠎ᠡ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 8 ᠰᠠᠷ᠎ᠠ ᠶᠢᠨ 11 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠠᠭᠠᠨᠴᠠᠪ ᠬᠤᠲᠠ ᠶᠢᠨ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠠᠷᠭ᠎ᠠ | ᠬᠡᠮᠵᠢᠶ᠎ᠡ | | ᠴᠠᠭ ᠠᠭᠤᠷ ᠤᠨ ᠦᠢᠯᠡᠰ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ᠂ ᠰᠠᠭᠤᠷᠢ ᠴᠢᠨᠠᠷᠲᠠᠢ᠂ | ᠤᠳᠤᠷᠢᠳᠤᠮᠵᠢ ᠶᠢᠨ ᠴᠢᠨᠠᠷᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠣᠷᠣᠨ ᠨᠤᠲᠤᠭ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠪᠤᠶᠠᠨ ᠵᠢᠷᠭᠠᠯ ᠢ | ᠢᠪᠡᠭᠡᠬᠦ ᠴᠢᠬᠤᠯᠠ ᠪᠠᠲᠤᠯᠠᠭ᠎ᠠ ᠮᠥᠨ᠃ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵ | 2022 — 2035 ᠣᠨ︶︾ ︵ᠲᠥᠷᠥ ᠲᠠᠷᠬᠠᠭᠠᠭᠰᠠᠨ ︹ 2022 ︺ 11 ᠳ᠋ᠦ᠋ᠭᠡᠷ ᠲᠣᠭᠠᠲᠤ︶᠂ ︽ | ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ | ︹ 2021 ︺16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠴᠠᠭ ᠠᠭᠤᠷ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠤᠯᠠᠭᠠᠨᠴᠠᠪ ᠬᠤᠲᠠ ᠶᠢᠨ | ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ | ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠪᠠ ︽ᠬᠤᠶᠠᠷ | ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ᠂ ︽ᠨᠠᠷᠢᠨ ᠨᠢᠮᠪᠠᠶ ᠬᠢᠨᠠᠨ ᠬᠡᠮᠵᠢᠬᠦ᠂ ᠨᠠᠷᠢᠨ ᠣᠨᠣᠪᠴᠢᠲᠠᠶ ᠤᠷᠢᠳᠴᠢᠯᠠᠨ | ᠮᠡᠳᠡᠭᠡᠯᠡᠬᠦ᠂ ᠨᠠᠷᠢᠯᠢᠭ ᠦᠢᠯᠡᠴᠢᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠠᠭᠤᠷ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ ᠠᠮᠢᠳᠤᠷᠠᠯ ᠪᠠᠶᠠᠨ ᠴᠢᠨᠡᠭᠡᠯᠢᠭ | ᠂ ᠠᠮᠢ ᠠᠬᠤᠶ ᠰᠠᠶᠢᠨ ᠪᠠᠶᠢᠬᠤ ᠶᠢ ᠦᠨᠡᠨᠬᠦ ᠪᠠᠲᠤᠯᠠᠵᠤ᠂ ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ᠃ 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ | ᠳᠣᠭᠢᠷᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠲᠡᠶ ᠣᠲᠣ | ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ | ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ᠂ | ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ | ᠮᠡᠳᠡᠭᠡ ᠵᠠᠩᠭᠢᠵᠢᠯᠲᠠ ᠵᠡᠷᠭᠡ ᠬᠦᠷᠢᠶ᠎ᠡ ᠴᠠᠷᠠᠭ᠎ᠠ ᠪᠥᠬᠦ ᠣᠷᠣᠨ ᠳᠤ ᠲᠡᠷᠢᠭᠦᠯᠡᠵᠦ᠂ ᠴᠠᠭ ᠠᠭᠤᠷ ᠤᠨ | ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠣᠷᠣᠨ ᠤ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃ 2035 | ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠣᠨᠴᠠᠯᠢᠭ ᠢᠶᠠᠷ ᠢᠯᠡ ᠲᠣᠳᠣ᠂ ᠮᠡᠷᠭᠡᠵᠢᠯ ᠢᠶᠠᠷ | ᠲᠡᠷᠢᠭᠦᠨ ᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮᠵᠢ ᠶᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠵᠦ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠮᠵᠢ ᠶᠢ ᠨᠠᠩ ᠢᠯᠡᠷᠬᠡᠶ ᠪᠣᠯᠭᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ | ᠣᠷᠣᠨ ᠤ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠦᠨ᠎ᠡ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠥᠷᠢᠨᠰᠢᠬᠦᠯᠥᠨ᠎ᠡ᠃ | ᠬᠤᠲᠠ ᠰᠢᠶᠠᠨ ᠬᠤᠶᠠᠷ ᠱᠠᠲᠤᠨ ᠤ ︽ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠭᠤᠤᠯᠯᠠᠨ | ᠤᠳᠤᠷᠢᠳᠴᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ︾ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ | ᠬᠠᠷᠢᠭᠤᠴᠠᠬᠤ ᠲᠦᠷᠢᠮ ᠢ ᠴᠢᠩᠭᠠᠷᠠᠭᠤᠯᠵᠤ᠂ ᠱᠠᠲᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠴᠠᠭ ᠠᠭᠤᠷ᠂ ᠪᠠᠴᠢᠮ ᠪᠠᠶᠢᠳᠠᠯ ᠢ | ᠠᠷᠭᠠᠴᠠᠬᠤ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ ᠲᠡᠭᠡᠭᠡᠪᠦᠷᠢ᠂ ᠤᠢ | ᠰᠢᠭᠤᠶ ᠨᠤᠲᠤᠭ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠰᠤᠷᠭᠠᠨ | ᠬᠥᠮᠦᠵᠢᠯ ᠵᠡᠷᠭᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠡᠬᠢ ᠪᠠᠶᠠᠯᠢᠭ ᠢ ᠨᠢᠭᠡᠳᠦᠯᠲᠡᠶ | ᠲᠥᠯᠥᠪᠵᠢᠭᠦᠯᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠬᠦᠨᠳᠦ ᠶᠡᠭᠡ ᠴᠠᠭ | ᠠᠭᠤᠷ ᠤᠨ ᠭᠠᠮᠰᠢᠭ ᠭᠠᠷᠪᠠᠯ ᠦᠢᠯᠡᠳᠪᠦᠷᠢᠯᠡᠬᠦ ᠶᠢ ᠵᠣᠭᠰᠣᠭᠠᠬᠤ ᠬᠢᠴᠢᠶᠡᠯ ᠢ ᠵᠣᠭᠰᠣᠭᠠᠬᠤ ᠲᠡᠭᠡᠭᠡᠪᠦᠷᠢᠯᠡᠬᠦ ᠶᠢ | ᠵᠣᠭᠰᠣᠭᠠᠬᠤ ᠠᠵᠢᠯ ᠢ ᠵᠣᠭᠰᠣᠭᠠᠬᠤ ᠲᠣᠭᠲᠠᠴᠠ ᠶᠢ ᠪᠥᠷᠢᠨᠰᠢᠬᠦᠯᠥᠨ ᠨᠠᠶᠢᠳᠠᠪᠤᠷᠢᠵᠢᠭᠤᠯᠤᠨ᠎ᠠ᠃ ︵ᠬᠤᠲᠠ ᠶᠢᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠂ ᠨᠢᠭᠡᠳᠦᠭᠡᠷ ᠲᠤ | ᠵᠢᠭᠰᠠᠭᠠᠭᠳᠠᠭᠰᠠᠳ ᠢ ᠲᠦᠷᠦᠭᠦᠯᠡᠬᠦ ᠨᠢᠭᠡᠴᠢ ᠪᠣᠯᠭᠠᠨ᠎ᠠ᠂ ᠳᠣᠷᠣᠭᠰᠢ ᠠᠳᠠᠯᠢ︶ | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠰᠢᠢᠳᠪᠦᠷᠢᠯᠡᠬᠦ ᠠᠷᠭᠠᠴᠠᠬᠤ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠎ᠠ᠃ ᠪᠦᠬᠦ ᠬᠤᠳᠠ ᠶᠢᠨ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ | ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠨ᠎ᠠ᠃ ᠴᠠᠭ | ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ︽ᠤᠯᠠᠭᠠᠨᠴᠠᠪ | ᠬᠤᠲᠠ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠱᠢᠶ᠎ᠡ | ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ | ᠭᠤᠤᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ | ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ | ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠬᠦᠨ ᠢ | ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ ︵ᠬᠤᠲᠠ ᠶᠢᠨ ᠴᠠᠭ | ᠠᠭᠤᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ᠂ ᠤᠯᠠᠭᠠᠨᠴᠠᠪ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ᠎ᠠ︶ | 3. ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠲᠣᠣᠷ ᠢ | ᠲᠡᠭᠦᠯᠳᠡᠷᠵᠢᠭᠦᠯᠦᠨ᠎ᠡ᠃ ᠬᠤᠲᠠ ᠰᠢᠶᠠᠨ ᠬᠤᠶᠠᠷ ᠱᠠᠲᠤᠨ ᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ | ᠴᠠᠭ ᠠᠭᠤᠷ ᠤᠨ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ᠤᠯᠠᠭᠠᠨᠴᠠᠪ ᠬᠤᠲᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠲᠠᠰ ᠳᠡᠪᠰᠢᠭᠦᠯᠦᠨ | ᠥᠭᠡᠷᠡᠴᠢᠯᠡᠵᠦ᠂ ᠤᠯᠤᠰ ᠤᠨ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ | ᠰᠢᠰᠲ᠋ᠧᠮ ᠢ ᠰᠠᠯᠠᠭ᠎ᠠ ᠮᠥᠴᠢᠷ ᠤᠨ ᠬᠤᠭᠤᠷᠣᠨᠳᠣᠬᠢ ᠵᠥᠭᠡᠯᠡᠨ ᠬᠠᠲᠠᠭᠤ ᠲᠣᠨᠤᠭ ᠲᠠᠢ ᠵᠣᠯᠭᠠᠭᠤᠯᠬᠤ ᠶᠢ | ᠠᠬᠢᠭᠤᠯᠤᠨ᠎ᠠ᠃ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ ᠲᠠᠬᠢᠨ ᠤᠯᠠᠮᠵᠢᠯᠠᠨ | ᠲᠠᠷᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠷᠪᠠᠨ ᠶᠡᠭᠡ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ | ᠶᠡᠭᠡ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠰᠠᠭᠠᠳ ᠦᠭᠡᠢ ᠨᠡᠪᠲᠡᠷᠡᠬᠦ | ᠵᠠᠮ︾ ᠪᠠ ᠪᠦᠬᠦ ᠰᠦᠯᠵᠢᠶᠡᠨ ᠳᠤ ᠰᠦᠢᠳᠬᠡᠯ ᠬᠤᠷᠢᠶᠠᠬᠤ ᠦᠭᠡᠢ ᠪᠠᠷ ᠨᠡᠶᠢᠲᠡᠯᠡᠬᠦ ᠲᠣᠭᠲᠠᠴᠠ ᠶᠢ | ᠪᠦᠷᠢᠨᠰᠢᠬᠦᠯᠦᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ | ᠬᠠᠷᠢᠭᠤ ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠳᠤ ᠬᠦᠷᠲᠡᠯ᠎ᠡ ᠡᠷᠦᠬᠡ ᠪᠣᠯᠭᠠᠨ ᠬᠥᠮᠦᠨ ᠪᠦᠷᠢ ᠳᠤ ᠬᠦᠷᠲᠡᠯ᠎ᠡ ᠨᠡᠶᠢᠲᠡᠯᠡᠬᠦ ᠶᠢ | ᠠᠬᠢᠭᠤᠯᠤᠨ᠎ᠠ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠬᠤᠶᠠᠷ︶ ᠤᠮᠠᠷᠠᠲᠤ ᠬᠡᠰᠡᠭ ᠤᠨ ᠨᠤᠲᠤᠭ ᠪᠡᠯᠴᠢᠭᠡᠷ ᠪᠠ ᠤᠰᠤᠨ ᠴᠣᠭᠴᠠ ᠶᠢᠨ ᠠᠮᠢ ᠠᠬᠤᠶ ᠶᠢᠨ ᠴᠠᠭ | ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ | ᠠᠬᠤᠶ ᠶᠢᠨ ᠪᠣᠬᠢᠷᠳᠤᠯ ᠦᠭᠡᠢ ᠡᠨᠧᠷᠭᠢ ᠶᠢᠨ ᠤᠯᠠᠭᠠᠨᠴᠠᠪ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ | | 4. ᠤᠯᠠᠭᠠᠨᠴᠠᠪ ᠬᠤᠲᠠ ᠶᠢᠨ ᠥᠨᠳᠥᠷ ᠬᠤᠪᠢᠶᠠᠷᠢᠲᠤ ᠳᠠᠭᠠᠭᠤᠯᠢ ᠣᠳᠣᠨ ᠤ ᠬᠤᠪᠢᠶᠠᠷᠢ ᠲᠥᠪ ᠤᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠥᠨᠳᠥᠷ ᠬᠤᠪᠢ + ᠠᠵᠢᠯ ᠲᠥᠷᠥᠯ︾ ᠤᠨ | ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠵᠤ᠂ ᠣᠨᠴᠠᠯᠢᠭᠲᠤ ᠠᠯᠤᠰ | ᠰᠡᠷᠡᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ ᠪᠠᠶᠢᠭᠤᠯᠤᠨ᠂ ᠤᠯᠠᠭᠠᠨᠴᠠᠪ ᠬᠤᠲᠠ ᠶᠢᠨ ᠳᠠᠭᠠᠭᠤᠯᠢ | ᠣᠳᠣᠨ ᠤ ᠠᠯᠤᠰ ᠰᠡᠷᠡᠯ ᠤᠨ ᠶᠡᠷᠦᠩᠬᠡᠶᠢᠯᠡᠭᠰᠡᠨ ᠬᠡᠷᠡᠭᠯᠡᠭᠡᠨ ᠤ ᠲᠠᠪᠴᠠᠩ ᠢ ᠰᠤᠳᠤᠯᠤᠨ ᠨᠡᠭᠡᠭᠡᠨ᠎ᠡ᠃ ᠵᠢᠯᠣᠭᠤᠴᠢ | ᠥᠬᠡᠶ ᠨᠢᠰᠬᠡᠯ ᠤᠨ ᠠᠯᠤᠰ ᠰᠡᠷᠡᠯ᠂ ᠲᠣᠭᠲᠠᠭᠰᠠᠨ ᠬᠡᠮᠵᠢᠶᠡᠨ ᠤ ᠠᠯᠤᠰ ᠰᠡᠷᠡᠯ ᠤᠨ ᠮᠡᠷᠭᠡᠵᠢᠯ ᠢ ᠬᠥᠭᠵᠢᠭᠦᠯᠵᠦ᠂ | ᠥᠨᠳᠥᠷ ᠬᠤᠪᠢᠶᠠᠷᠢᠲᠤ ᠳᠠᠭᠠᠭᠤᠯᠢ ᠣᠳᠣᠨ ᠤ ᠲᠤᠭ᠎ᠠ ᠪᠠᠷᠢᠮᠲᠠ ᠬᠢᠭᠡᠳ ᠪᠤᠰᠤᠳ ᠠᠵᠢᠯ ᠲᠥᠷᠥᠯ ᠤᠨ ᠲᠤᠭ᠎ᠠ | ᠪᠠᠷᠢᠮᠲᠠ ᠶᠢᠨ ᠰᠣᠯᠪᠢᠴᠠᠨ ᠠᠭᠤᠰᠤᠯᠴᠠᠬᠤ ᠶᠢ ᠴᠢᠩᠭᠠᠳᠬᠠᠨ᠂ ᠪᠥᠬᠦ ᠬᠤᠲᠠ ᠶᠢᠨ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ᠂ ᠠᠮᠢ ᠠᠬᠤᠶ ᠣᠷᠴᠢᠨ ᠲᠣᠭᠤᠷᠢᠨ ᠤ ᠣᠷᠣᠨ ᠲᠣᠭᠤᠷᠢᠭ ᠤᠨ ᠬᠠᠮᠢᠶᠠᠷᠤᠯᠲᠠ | ᠡᠵᠡᠮᠳᠡᠯ᠂ ᠨᠠᠭᠤᠷ ᠲᠣᠭᠤᠷᠢᠮ ᠢ ᠠᠮᠤᠷᠵᠢᠭᠤᠯᠤᠨ ᠲᠡᠩᠬᠡᠷᠡᠭᠦᠯᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠵᠡᠷᠭᠡ ᠥᠨᠳᠥᠷ ᠬᠢᠷᠢ ᠲᠦᠪᠰᠢᠨ ᠪᠥᠬᠦᠶ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢᠨ ᠴᠠᠭ ᠠᠭᠤᠷ ᠤᠨ | ᠮᠡᠷᠭᠡᠵᠢᠯ ᠤᠨ ᠳᠡᠮᠵᠢᠯᠭᠡ ᠶᠢ ᠴᠢᠩᠭᠠᠷᠠᠭᠤᠯᠤᠨ᠎ᠠ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ | ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | 5. ᠬᠢᠬᠢᠷᠢ ᠶᠢᠨ ᠨᠠᠭᠤᠷ᠂ ᠳᠠᠭ᠎ᠠ ᠶᠢᠨ ᠨᠠᠭᠤᠷ᠂ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠴᠠᠭ | ᠠᠭᠤᠷ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠎ᠠ᠃ ᠬᠢᠬᠢᠷᠢ ᠶᠢᠨ ᠨᠠᠭᠤᠷ᠂ ᠳᠠᠭ᠎ᠠ ᠶᠢᠨ ᠨᠠᠭᠤᠷ᠂ | ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ | ᠨᠢᠭᠡ ᠴᠤᠭᠴᠠᠵᠢᠭᠤᠯᠤᠭᠰᠠᠨ ᠪᠥᠬᠦ ᠣᠷᠣᠨ ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ | ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ ᠶᠢᠨ ᠲᠣᠤᠷ ᠢ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ | ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ | ᠠᠬᠤᠶ ᠶᠢᠨ ᠶᠠᠰᠤ ᠴᠢᠨᠠᠷ ᠪᠠ ᠠᠮᠢ ᠠᠬᠤᠶ ᠶᠢᠨ ᠴᠢᠳᠠᠮᠵᠢ ᠶᠢ ᠰᠡᠷᠭᠦᠭᠡᠬᠦ ᠴᠠᠭ ᠠᠭᠤᠷ ᠤᠨ ᠬᠢᠨᠠᠨ ᠬᠡᠮᠵᠢᠯᠲᠡ ᠶᠢᠨ | ᠦᠨᠡᠯᠡᠯᠲᠡ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ ᠠᠮᠤᠷ ᠲᠦᠪᠰᠢᠨ ᠳᠤ | ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ︵ᠬᠤᠲᠠ ᠶᠢᠨ ᠴᠠᠭ | ᠠᠭᠤᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 6. ᠬᠥᠬᠡ ᠣᠭᠲᠠᠷᠭᠤᠶ ᠶᠢ ᠬᠠᠮᠠᠭᠠᠯᠠᠬᠤ ᠲᠡᠶᠢᠨ ᠤ ᠢᠯᠠᠯᠲᠠ ᠶᠢ ᠤᠯᠬᠤ ᠳᠤ ᠰᠢᠨᠵᠢᠯᠡᠬᠦ ᠤᠬᠠᠭᠠᠨᠴᠢ ᠪᠠᠷ | ᠬᠦᠴᠦᠨ ᠨᠡᠮᠡᠷᠢᠯᠡᠨ᠎ᠡ᠃ ᠣᠷᠴᠢᠨ ᠲᠣᠭᠤᠷᠢᠨ ᠤ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠨᠠᠷᠢᠯᠢᠬᠵᠢᠭᠤᠯᠤᠭᠰᠠᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠦᠷᠢᠯᠳᠦᠯ ᠤᠨ ᠵᠢᠮ᠎ᠡ ᠶᠣᠰᠣ ᠵᠢᠴᠢ ᠵᠠᠰᠠᠬᠤ ᠠᠷᠭ᠎ᠠ ᠬᠡᠮᠵᠢᠶ᠎ᠡ ᠶᠢᠨ ᠰᠤᠳᠤᠯᠤᠯ ᠢ ᠥᠷᠨᠢᠭᠦᠯᠵᠦ᠂ ᠣᠷᠴᠢᠨ | ᠲᠣᠭᠤᠷᠢᠨ ᠤ ᠠᠰᠠᠭᠤᠳᠠᠯ ᠢ ᠵᠠᠰᠠᠬᠤ ᠳᠤᠮᠳᠠᠬᠢ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠤᠷᠢᠳᠠᠴᠢ | ᠦᠢᠯᠡᠳᠦᠯ ᠢ ᠪᠠᠳᠠᠷᠠᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠭᠰᠠᠨ | ᠦᠷ᠎ᠡ ᠪᠦᠲᠦᠮᠵᠢ ᠶᠢᠨ ᠴᠠᠭ ᠠᠭᠤᠷ ᠤᠨ ᠨᠥᠯᠥᠭᠡ ᠶᠢ ᠦᠨᠡᠯᠡᠨ ᠵᠢᠱᠢᠬᠦ ᠠᠵᠢᠯᠯᠠᠭ᠎ᠠ ᠶᠢ ᠥᠷᠨᠢᠭᠦᠯᠦᠨ᠎ᠡ᠃ ᠣᠷᠴᠢᠨ | ᠠᠬᠤᠶ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠠᠭ ᠠᠭᠤᠷ ᠤᠨ ᠪᠠᠲᠤᠯᠠᠭ᠎ᠠ ᠶᠢᠨ | ᠦᠢᠯᠡᠴᠢᠯᠡᠭᠡ ᠶᠢ ᠴᠢᠩᠭᠠᠳᠬᠠᠨ᠎ᠠ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 7. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠪᠠ ᠬᠡᠲᠦ ᠠᠭᠤᠷ ᠠᠮᠢᠰᠬᠤᠯ ᠤᠨ ᠬᠡᠷᠡᠭ ᠢ ᠦᠨᠡᠯᠡᠨ | ᠵᠢᠱᠢᠬᠦ ᠶᠢ ᠴᠢᠩᠭᠠᠳᠬᠠᠵᠤ᠂ ᠤᠯᠠᠭᠠᠨᠴᠠᠪ ᠬᠤᠲᠠ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠤᠨᠴᠠᠯᠢᠭᠳᠤ ᠭᠦᠢᠴᠡᠳᠬᠡᠯ ᠲᠤᠭ᠎ᠠ ᠶᠢᠨ ᠰᠤᠳᠤᠯᠭᠠᠨ ᠢ ᠥᠷᠨᠢᠭᠦᠯᠦᠨ᠎ᠡ᠃ ᠯᠢᠶᠠᠩᠴᠧᠩ ᠤᠨ | ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠠᠭᠤᠷ ᠠᠮᠢᠰᠬᠤᠯ ᠤᠨ ᠳᠠᠭᠠᠭᠠᠴᠠ ᠶᠢ ᠦᠨᠡᠯᠡᠨ | ᠵᠢᠱᠢᠬᠦ ᠦᠢᠯᠡᠴᠢᠯᠡᠭᠡ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ | ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ | ᠨᠥᠯᠥᠭᠡ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠵᠦ | ᠦᠨᠡᠯᠡᠨ ᠵᠢᠱᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠯᠬᠢᠨ ᠴᠠᠬᠢᠯᠭᠠᠨ ᠤ ᠴᠢᠳᠠᠯ ᠪᠠ ᠨᠡᠷᠡᠨ ᠡᠨᠧᠷᠭᠢ ᠶᠢᠨ | ᠴᠠᠬᠢᠯᠭᠠᠨ ᠭᠠᠷᠭᠠᠬᠤ ᠬᠡᠮᠵᠢᠶ᠎ᠡ ᠶᠢ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ ᠬᠡᠷᠡᠭᠯᠡᠯᠲᠡ ᠶᠢ ᠥᠷᠨᠢᠭᠦᠯᠵᠦ᠂ ᠰᠠᠯᠬᠢᠨ | ᠡᠨᠧᠷᠭᠢ ᠶᠢᠨ ᠨᠡᠷᠡᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠴᠢᠬᠤᠯᠠ ᠶᠡᠭᠡ ᠲᠥᠯᠥᠪᠵᠢᠭᠦᠯᠭᠡ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ | ᠵᠡᠷᠭᠡ ᠠᠭᠤᠷ ᠠᠮᠢᠰᠬᠤᠯ ᠤᠨ ᠪᠣᠯᠤᠮᠵᠢᠲᠤ ᠨᠤᠲᠠᠯᠠᠯᠲᠠ ᠶᠢ ᠲᠦᠯᠬᠢᠨ ᠠᠬᠢᠭᠤᠯᠤᠨ᠎ᠠ᠃ ︵ᠬᠤᠲᠠ ᠶᠢᠨ ᠴᠠᠭ | ᠠᠭᠤᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠪᠣᠯᠤᠨ ᠠᠭᠤᠷ ᠠᠮᠢᠰᠬᠤᠯ ᠤᠨ ᠡᠬᠢ ᠪᠠᠶᠠᠯᠢᠭ | ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ | 8. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡᠨ ᠤ | ᠴᠢᠳᠠᠪᠤᠷᠢ ᠶᠢ ᠰᠤᠮᠤ ᠰᠢᠶᠠᠩ ᠪᠠᠯᠭᠠᠰᠤ ᠳᠤ ᠬᠥᠷᠬᠦ ᠴᠠᠭ ᠠᠭᠤᠷ ᠤᠨ ᠭᠠᠮᠰᠢᠭ ᠵᠢᠴᠢ ᠳᠤᠮᠳᠠ ᠵᠢᠵᠢᠭ ᠭᠤᠤᠯ | ᠮᠥᠷᠡᠨ ᠤ ᠦᠶᠡᠷ᠂ ᠠᠭᠤᠯᠠ ᠶᠢᠨ ᠦᠶᠡᠷ ᠪᠣᠯᠤᠨ ᠭᠠᠵᠠᠷ ᠤᠨ ᠭᠠᠮᠰᠢᠭ ᠤᠨ ᠴᠠᠭ ᠠᠭᠤᠷ ᠤᠨ ᠲᠦᠭᠰᠢᠭᠦᠷᠢ ᠶᠢ | ᠰᠡᠷᠡᠮᠵᠢᠯᠡᠭᠦᠯᠬᠦ ᠨᠠᠷᠢᠯᠢᠭ ᠦᠢᠯᠡᠳᠬᠦᠨ ᠤ ᠰᠢᠰᠲ᠋ᠧᠮᠵᠢ ᠶᠢ ᠪᠠᠶᠢᠭᠤᠯᠵᠤ᠂ ᠠᠮᠤᠷ ᠠᠮᠤᠭᠤᠯᠠᠩ ᠬᠥᠳᠡᠭᠡ ᠲᠣᠰᠬᠤᠨ ᠤ | ᠪᠥᠲᠥᠭᠡᠨ ᠪᠠᠶᠢᠭᠤᠯᠤᠯᠲᠠ ᠶᠢᠨ ᠴᠠᠭ ᠠᠭᠤᠷ ᠤᠨ ᠦᠢᠯᠡᠴᠢᠯᠡᠭᠡ ᠶᠢ ᠴᠢᠩᠭᠠᠷᠠᠭᠤᠯᠤᠨ᠎ᠠ᠃ ᠯᠢᠶᠠᠩᠴᠧᠩ ᠰᠢᠶᠠᠨ ᠤ | ᠠᠭᠤᠷ ᠠᠮᠢᠰᠬᠤᠯ ᠤᠨ ᠡᠷᠡᠭᠦᠯᠵᠢᠯ ᠤᠨ ᠰᠠᠭᠤᠷᠢᠨ ᠭᠠᠵᠠᠷ᠂ ᠰᠢᠩ ᠾᠧ ᠰᠢᠶᠠᠨ᠂ ᠵᠦᠸᠧᠽᠢ ᠰᠢᠶᠠᠨ ᠤ | ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ ᠢ ᠪᠣᠶ ᠪᠣᠯᠭᠠᠵᠤ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ | ᠵᠤᠰᠠᠯᠠᠩ ᠤᠨ ᠬᠤᠲᠠ︾ ᠶᠢᠨ ᠠᠭᠤᠷ ᠠᠮᠢᠰᠬᠤᠯ ᠤᠨ ᠨᠠᠷᠠᠲᠤ ᠲᠡᠮᠳᠡᠭᠲᠦ ᠶᠢ ᠬᠦᠴᠦᠷᠬᠡᠭᠵᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠤᠨᠴᠠᠯᠢᠭᠳᠤ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠴᠠᠭ ᠠᠭᠤᠷ ᠤᠨ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ | ᠲᠠᠯ᠎ᠠ ᠪᠠᠷ ᠬᠦᠴᠦᠨ ᠨᠡᠮᠡᠷᠢᠯᠡᠨ᠎ᠡ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠠᠴᠠ ᠬᠠᠷᠢᠭᠤᠴᠠᠨ᠎ᠠ︶ | 9. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠥᠳᠥᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ | ᠪᠠᠶᠢᠷᠢᠰᠢᠭᠤᠯᠤᠯ ᠤᠨ ᠲᠣᠭᠤᠷᠢᠨ ᠳᠤ᠂ ᠣᠷᠭᠠᠨᠢᠭ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ᠂ ᠳᠡᠭᠡᠳᠦ | ᠲᠡᠰ ᠤᠨ ᠮᠠᠯ ᠠᠵᠤ ᠠᠬᠤᠶ᠂ ᠤᠨᠴᠠᠯᠢᠭᠳᠤ ᠠᠮᠢ ᠠᠬᠤᠶ ᠶᠢᠨ ᠠᠵᠤ ᠦᠢᠯᠡᠰ ᠲᠤ ᠦᠢᠯᠡᠴᠢᠯᠡᠬᠦ ᠪᠠᠷ ᠭᠤᠣᠯᠳᠠᠯᠭ᠎ᠠ | ᠪᠣᠯᠭᠠᠨ᠂ ᠴᠠᠭ ᠠᠭᠤᠷ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠨᠠᠷᠢᠯᠢᠬᠵᠢᠭᠤᠯᠤᠭᠰᠠᠨ᠂ ᠵᠤᠷᠰᠢᠯᠵᠢᠭᠤᠯᠤᠭᠰᠠᠨ᠂ ᠰᠢᠭᠤᠳ ᠨᠡᠪᠲᠡᠷᠡᠬᠦ ᠮᠠᠶ᠋ᠢᠭ ᠤᠨ ᠲᠠᠷᠢᠶᠠᠯᠠᠩ ᠮᠠᠯ ᠠᠵᠤ | ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠦᠢᠯᠡᠳᠪᠦᠷᠢᠯᠡᠯ ᠤᠨ ᠲᠤᠰᠬᠠᠶ ᠮᠡᠷᠭᠡᠵᠢᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢ | ᠪᠥᠷᠢᠨᠰᠢᠬᠦᠯᠥᠨ᠎ᠡ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠥᠮᠥᠰᠥ᠂ ᠴᠠᠬᠠᠷ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠤᠯᠤᠤᠪᠠᠩ᠂ ᠨᠣᠬᠠᠶ ᠶᠢᠨ ᠬᠤᠰᠢᠭᠤ ᠵᠡᠷᠭᠡ ᠤᠨᠴᠠᠯᠢᠬᠳᠤ ᠲᠠᠷᠢᠶᠠᠯᠠᠩ ᠤᠨ ᠴᠠᠭ | ᠠᠭᠤᠷ ᠤᠨ ᠦᠢᠯᠡᠴᠢᠯᠡᠭᠡᠨ ᠢ ᠠᠬᠢᠭᠤᠯᠤᠨ᠎ᠠ᠃ ︽ᠨᠠᠷᠠᠲᠤ ᠰᠢᠯᠢᠳᠡᠭ ᠣᠨᠴᠠ︾ ᠪᠣᠬᠢᠷᠲᠤᠯ ᠥᠬᠡᠶ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠭᠤᠷ ᠠᠮᠢᠰᠬᠤᠯ ᠤᠨ ᠶᠠᠰᠤ ᠴᠢᠨᠠᠷ ᠤᠨ ᠭᠡᠷᠡᠴᠢᠯᠡᠭᠡ ᠶᠢ | ᠴᠢᠩᠭᠠᠳᠬᠠᠨ᠎ᠠ᠃ ᠴᠠᠭ ᠠᠭᠤᠷ ᠤᠨ ᠨᠥᠬᠦᠴᠡᠯ ᠠᠴᠠ ᠲᠥᠬᠦᠭᠡᠷᠦᠮᠵᠢ ᠶᠢᠨ ᠲᠠᠷᠢᠶᠠᠯᠠᠩ ᠢ ᠨᠥᠯᠥᠭᠡᠯᠡᠬᠦ | ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | ︵ᠲᠥᠷᠪᠡ︶ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠠᠶᠢᠭᠤᠯᠤᠯ ᠤᠨ | ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠢ ᠨᠢ ᠬᠦᠷᠲᠡᠵᠦ ᠬᠤᠣᠷ ᠬᠥᠨᠥᠭᠡᠯ ᠠᠴᠠ ᠵᠠᠶᠢᠯᠠᠬᠤ ᠦᠢᠯᠡᠴᠢᠯᠡᠭᠡᠨ ᠤ | ᠦᠷ᠎ᠡ ᠠᠰᠢᠭ ᠢ ᠪᠠᠳᠠᠷᠠᠭᠤᠯᠤᠨ᠎ᠠ | 10. ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠠᠵᠢᠯᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠎ᠠ᠃ ᠤᠮᠠᠷᠠᠲᠤ ᠬᠡᠰᠡᠭ ᠤᠨ ᠲᠠᠯ᠎ᠠ ᠨᠤᠲᠤᠭ᠂ ᠳᠠᠭ᠎ᠠ ᠶᠢᠨ ᠨᠠᠭᠤᠷ᠂ ᠬᠢᠬᠢᠷᠢ ᠶᠢᠨ ᠨᠠᠭᠤᠷ᠂ | ᠴᠠᠭᠠᠨᠨᠠᠭᠤᠷ ᠤᠨ ᠨᠤᠭᠤ ᠭᠠᠵᠠᠷ ᠤᠨ ᠠᠮᠢ ᠠᠬᠤᠶ ᠶᠢ ᠵᠠᠰᠠᠨ ᠰᠡᠷᠭᠦᠭᠡᠬᠦ ᠶᠢᠨ ᠲᠣᠭᠤᠷᠢᠨ ᠳᠤ᠂ ᠭᠠᠵᠠᠷ ᠳᠡᠭᠡᠷᠡᠬᠢ | ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠥᠷᠲᠡᠭᠡ ᠲᠣᠤᠷ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠣᠷᠣᠨ ᠪᠦᠰᠡ ᠶᠢᠨ ᠬᠠᠮᠲᠤᠷᠠᠭᠰᠠᠨ ᠨᠢᠰᠬᠡᠯ ᠤᠨ ᠬᠥᠮᠦᠨ ᠤ ᠬᠦᠴᠦ ᠪᠠᠷ ᠪᠣᠷᠣᠭᠠᠨ | ᠨᠡᠮᠡᠭᠳᠡᠭᠦᠯᠬᠦ ᠠᠵᠢᠯ ᠢ ᠥᠷᠨᠢᠭᠦᠯᠦᠨ᠎ᠡ᠃ ᠣᠲᠣ ᠦᠶ᠎ᠡ ᠶᠢᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ | ᠲᠤᠬᠠᠶᠢᠯᠠᠭᠰᠠᠨ ᠠᠵᠢᠯ ᠤᠨ ᠵᠢᠯᠣᠭᠤᠳᠬᠤ ᠰᠢᠰᠲ᠋ᠧᠮ ᠪᠠ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠠᠪᠴᠠᠩ ᠢ | ᠪᠠᠶᠢᠭᠤᠯᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠰᠢᠨᠵᠢᠯᠡᠬᠦ ᠤᠬᠠᠭᠠᠨᠴᠢ ᠪᠠᠷ ᠠᠵᠢᠯᠯᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠬᠦ ᠭᠠᠯ ᠤᠨᠲᠠᠷᠠᠭᠠᠬᠤ᠂ ᠭᠠᠩ | ᠬᠠᠭᠤᠷᠠᠶ᠂ ᠮᠥᠨᠳᠥᠷ ᠵᠡᠷᠭᠡ ᠬᠦᠨᠳᠦ ᠶᠡᠭᠡ ᠭᠠᠶ ᠭᠠᠮᠰᠢᠭ ᠵᠢᠴᠢ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠶᠢ ᠪᠠᠴᠢᠮ ᠪᠠᠶᠢᠳᠠᠯ ᠢ ᠠᠷᠭᠠᠴᠠᠬᠤ ᠴᠢᠬᠤᠯᠠ ᠶᠡᠭᠡ ᠪᠠᠲᠤᠯᠠᠭ᠎ᠠ ᠶᠢᠨ ᠦᠢᠯᠡᠴᠢᠯᠡᠭᠡᠨ ᠤ ᠲᠣᠭᠲᠠᠴᠠ ᠶᠢ | ᠪᠦᠷᠢᠨᠰᠢᠬᠦᠯᠵᠦ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ | ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ | ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠯᠠᠭᠠᠨᠴᠠᠪ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠨᠢᠰᠬᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | 11. ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠤᠨ᠎ᠠ᠃ ᠠᠵᠢᠯᠯᠠᠬᠤ ᠴᠢᠬ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ | ᠲᠥᠬᠦᠭᠡᠷᠦᠮᠵᠢ ᠶᠢ ᠤᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠥᠷᠲᠡᠭᠡ ᠴᠢᠬ᠂ ᠲᠣᠨᠤᠭ ᠲᠥᠬᠦᠭᠡᠷᠦᠮᠵᠢ᠂ ᠠᠵᠢᠯᠲᠠᠨ᠂ ᠰᠤᠮᠤ ᠳᠠᠷᠢ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ | ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︵ᠬᠤᠲᠠ ᠶᠢᠨ ᠴᠠᠭ | ᠠᠭᠤᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ | ᠤᠯᠠᠭᠠᠨᠴᠠᠪ ᠤᠨ ᠰᠠᠯᠪᠤᠷᠢ ᠠᠩᠭᠢ᠂ ᠤᠯᠠᠭᠠᠨᠴᠠᠪ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ | ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | ︵ᠲᠠᠪᠤ︶ ᠠᠵᠢᠯ ᠲᠥᠷᠥᠯ ᠪᠣᠯᠤᠨ ᠬᠤᠳᠠ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠳᠤ | ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 12. ᠭᠤᠤᠯᠳᠠᠯᠭ᠎ᠠ ᠲᠠᠢ ᠠᠵᠢᠯ ᠲᠥᠷᠥᠯ ᠤᠨ ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ᠵᠠᠮ ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠲᠣᠣᠷ ᠢ ᠲᠡᠭᠦᠯᠳᠡᠷᠵᠢᠭᠦᠯᠵᠦ᠂ | ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠶ ᠭᠠᠮᠰᠢᠭ ᠤᠨ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠶᠡᠭᠡ ᠰᠠᠯᠬᠢ᠂ ᠮᠥᠰᠥ ᠬᠤᠴᠢᠬᠤ᠂ ᠳᠣᠤᠷ᠎ᠠ | ᠳᠤᠯᠠᠭᠠᠨ ᠮᠥᠰᠥ ᠬᠥᠯᠳᠡᠬᠦ ᠵᠡᠷᠭᠡ ᠴᠠᠭ ᠠᠭᠤᠷ ᠤᠨ ᠭᠠᠶ ᠭᠠᠮᠰᠢᠭ ᠢ ᠨᠥᠯᠥᠭᠡᠯᠡᠬᠦ ᠲᠦᠭᠰᠢᠭᠦᠷᠢ ᠶᠢᠨ ᠭᠦᠢᠴᠡᠳᠬᠡᠯ | ᠲᠤᠭ᠎ᠠ ᠶᠢᠨ ᠰᠢᠰᠲ᠋ᠧᠮᠵᠢ ᠪᠠ ᠭᠠᠮᠰᠢᠭ ᠡᠭᠦᠰᠭᠡᠬᠦ ᠬᠡᠪᠴᠢᠶ᠎ᠡ ᠶᠢ ᠪᠠᠶᠢᠭᠤᠯᠤᠨ᠂ ᠭᠤᠤᠯᠳᠠᠯᠭ᠎ᠠ ᠲᠠᠢ ᠦᠵᠡᠮᠵᠢ ᠶᠢᠨ | ᠣᠷᠣᠨ ᠤ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠮᠲᠤᠷᠠᠨ ᠨᠡᠶᠢᠲᠡᠯᠡᠬᠦ | ᠲᠣᠭᠲᠠᠴᠠ ᠶᠢ ᠪᠠᠶᠢᠭᠤᠯᠵᠤ᠂ ᠪᠥᠬᠦ ᠶᠠᠪᠤᠴᠠ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮᠵᠢ ᠶᠢ | ᠰᠢᠯᠢᠳᠡᠭᠵᠢᠭᠦᠯᠦᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠴᠠᠭ ᠠᠭᠤᠷ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶ | 13. ᠴᠠᠭ ᠠᠭᠤᠷ ᠤᠨ ᠦᠢᠯᠡᠴᠢᠯᠡᠭᠡᠨ ᠤ ᠤᠯᠠᠭᠠᠨᠴᠠᠪ ᠤᠨ ᠤᠶᠤᠨᠲᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠠᠵᠢᠯᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠲᠣᠮᠣ ᠳ᠋ᠠᠶᠢᠲ᠋ᠠ ᠬᠢᠭᠡᠳ | ᠨᠡᠶᠢᠭᠡᠮ ᠠᠷᠠᠳ ᠤᠨ ᠠᠮᠢᠳᠤᠷᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠤᠶᠤᠨᠲᠤ ᠤᠯᠠᠭᠠᠨᠴᠠᠪ ᠢ | ᠪᠠᠶᠢᠭᠤᠯᠬᠤ ᠳᠤ ᠬᠠᠮᠵᠢᠯᠴᠠᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠥᠭᠡᠮᠨᠡᠷᠡᠯ ᠪᠠ | ᠣᠷᠣᠨ ᠪᠦᠰᠡ ᠶᠢᠨ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠲᠠ ᠶᠢᠨ ᠠᠵᠢᠯᠯᠠᠭᠠᠨ ᠤ ︽ᠠᠮᠢᠨ ᠰᠤᠳᠠᠰᠤ︾ ᠶᠢᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠠ᠃ | ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ | ᠴᠠᠭ ᠠᠭᠤᠷ ᠤᠨ ᠦᠢᠯᠡᠴᠢᠯᠡᠭᠡ ᠶᠢ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠳᠤ ᠠᠭᠤᠰᠬᠠᠨ | ᠣᠷᠣᠭᠤᠯᠤᠨ᠎ᠠ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 14. ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠠ᠃ ᠤᠯᠠᠭᠠᠨᠴᠠᠪ | ᠬᠤᠲᠠ ᠶᠢᠨ ᠴᠠᠭ ᠠᠭᠤᠷ ᠤᠨ ᠭᠤᠤᠯ ᠰᠡᠳᠦᠪᠲᠦ ᠴᠡᠴᠡᠷᠯᠢᠭ ᠢ ᠪᠥᠲᠥᠭᠡᠨ ᠪᠠᠶᠢᠭᠤᠯᠵᠤ᠂ ᠴᠠᠭ ᠠᠭᠤᠷ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠂ ᠴᠠᠭ ᠠᠭᠤᠷ ᠤᠨ | ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠣᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠠᠴᠠ ᠵᠠᠶᠢᠯᠠᠵᠤ | ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠷᠰᠢᠮᠠᠲᠠᠭᠠᠶ ᠴᠢᠨᠠᠷ᠂ | ᠬᠠᠯᠳᠠᠪᠤᠷᠢᠲᠤ ᠴᠢᠨᠠᠷ ᠬᠢᠭᠡᠳ ᠴᠠᠭ ᠠᠭᠤᠷ ᠤᠨ ᠹᠠᠺᠲ᠋ᠤᠷ ᠤᠨ ᠬᠠᠷᠢᠯᠴᠠᠨ ᠬᠤᠯᠪᠣᠭᠳᠠᠬᠤ ᠴᠢᠨᠠᠷ ᠤᠨ ᠰᠤᠳᠤᠯᠭᠠᠨ ᠢ | ᠥᠷᠨᠢᠭᠦᠯᠵᠦ᠂ ᠡᠮᠴᠢᠯᠡᠭᠡ ᠡᠷᠡᠭᠦᠯ ᠮᠡᠨᠳᠦ ᠶᠢᠨ ᠴᠠᠭ ᠠᠭᠤᠷ ᠤᠨ ᠲᠦᠭᠰᠢᠭᠦᠷᠢ ᠶᠢᠨ ᠦᠢᠯᠡᠴᠢᠯᠡᠭᠡ ᠪᠠ ᠦᠷ᠎ᠡ | ᠠᠰᠢᠭ ᠤᠨ ᠦᠨᠡᠯᠡᠨ ᠵᠢᠱᠢᠯᠲᠡ ᠶᠢ ᠰᠦᠪᠡᠭᠴᠢᠯᠡᠨ᠎ᠡ᠃ ᠠᠷᠠᠳ ᠤᠯᠠᠨ ᠤ ᠠᠮᠢᠳᠤᠷᠠᠯ ᠤᠨ ᠰᠡᠯᠡᠭᠦᠴᠡᠯ᠂ | ᠵᠢᠭᠤᠯᠴᠢᠯᠠᠯ ᠵᠡᠷᠭᠡ ᠶᠢᠨ ᠨᠠᠷᠢᠯᠢᠬᠵᠢᠭᠤᠯᠤᠭᠰᠠᠨ ᠬᠡᠷᠡᠭᠴᠡᠭᠡ ᠶᠢ ᠬᠠᠩᠭᠠᠬᠤ ᠤᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡ ᠶᠢ ᠬᠥᠭᠵᠢᠭᠦᠯᠦᠨ᠎ᠡ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | | 15. ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠬᠦᠷᠢᠶᠡᠨ ᠳᠠᠬᠢ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠴᠢᠩᠭᠠᠷᠠᠭᠤᠯᠤᠨ᠎ᠠ᠃ ᠨᠡᠶᠢᠭᠡᠮ ᠤᠨ ᠬᠡᠷᠡᠭᠴᠡᠭᠡ ᠪᠠ ᠴᠠᠭ ᠠᠭᠤᠷ ᠤᠨ ᠣᠳᠣᠬᠢᠴᠢᠯᠠᠬᠤ ᠪᠦᠳᠦᠭᠡᠨ | ᠪᠠᠶᠢᠭᠤᠯᠤᠯᠲᠠ ᠪᠠᠷ ᠵᠣᠭᠰᠣᠴᠠ ᠪᠣᠯᠭᠠᠵᠤ᠂ ᠬᠡᠷᠡᠭᠯᠡᠭᠡᠨ ᠤ ᠴᠠᠭ ᠠᠭᠤᠷ ᠤᠨ ᠰᠠᠭᠤᠷᠢ ᠰᠤᠳᠤᠯᠭᠠᠨ ᠪᠠ ᠴᠠᠭ | ᠠᠭᠤᠷ ᠤᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠭᠠᠨ ᠢ | ᠭᠤᠣᠯᠳᠠᠯᠭ᠎ᠠ ᠲᠠᠢ ᠪᠠᠷ ᠲᠦᠯᠬᠢᠨ ᠠᠬᠢᠭᠤᠯᠤᠨ᠎ᠠ᠃ ᠭᠠᠩ ᠬᠠᠭᠰᠠᠷᠭᠠᠨ᠂ ᠶᠡᠭᠡ ᠰᠠᠯᠬᠢ᠂ ᠡᠯᠡᠰᠦᠨ ᠰᠢᠭᠤᠷᠭ᠎ᠠ᠂ | ᠬᠦᠢᠳᠡᠨ ᠤᠷᠤᠰᠬᠠᠯ᠂ ᠰᠢᠷᠦᠭᠦᠨ ᠪᠣᠷᠣᠭᠠᠨ ︵ᠴᠠᠰᠤ︶ ᠵᠡᠷᠭᠡ ᠭᠠᠮᠰᠢᠭ ᠤᠨ ᠨᠥᠯᠥᠭᠡ ᠶᠢ ᠤᠷᠢᠳᠴᠢᠯᠠᠨ | ᠮᠡᠳᠡᠭᠡᠯᠡᠵᠦ ᠰᠡᠷᠡᠮᠵᠢᠯᠡᠭᠦᠯᠬᠦ ᠰᠢᠨ᠎ᠡ ᠠᠷᠭ᠎ᠠ ᠶᠢ ᠬᠠᠶᠢᠨ ᠰᠦᠪᠡᠭᠴᠢᠯᠡᠨ᠎ᠡ᠃ ᠠᠮᠢ ᠠᠬᠤᠶ ᠶᠢᠨ ᠴᠠᠭ ᠠᠭᠤᠷ᠂ | ᠳᠠᠭᠠᠭᠤᠯᠢ ᠤᠳᠤᠨ ᠤ ᠠᠯᠤᠰ ᠰᠡᠷᠡᠯᠲᠡ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ | ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠢ ᠬᠡᠷᠡᠭᠯᠡᠨ᠂ ︽ᠴᠠᠭ ᠠᠭᠤᠷ | + ᠠᠵᠢᠯ ᠲᠦᠷᠦᠯ︾ ᠤᠨ ᠦᠢᠯᠡᠴᠢᠯᠡᠭᠡᠨ ᠤ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ︵ᠬᠤᠳᠠ ᠶᠢᠨ ᠴᠠᠭ | ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠷᠢᠭᠤᠴᠠᠨ᠎ᠠ︶ | 16. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠶ ᠣᠷᠴᠢᠨ ᠲᠣᠭᠤᠷᠢᠨ᠂ ᠪᠠᠶᠢᠭᠠᠯᠢ ᠶᠢᠨ ᠡᠬᠢ | ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠡᠪᠡᠰᠦ ᠪᠡᠯᠴᠢᠭᠡᠷ ᠵᠡᠷᠭᠡ ᠠᠵᠢᠯ | ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ | ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠡᠶᠢᠲᠡᠴᠢ ᠴᠢᠨᠠᠷᠲᠠᠶ ᠵᠠᠩᠭᠢᠯᠠᠭ᠎ᠠ ᠶᠢᠨ | ᠮᠡᠷᠭᠡᠵᠢᠯ ᠤᠨ ᠪᠡᠷᠬᠡ ᠰᠡᠳᠦᠪ ᠢ ᠬᠠᠮᠲᠤᠷᠠᠨ ᠰᠢᠢᠳᠪᠦᠷᠢᠯᠡᠵᠦ᠂ ︽ᠲᠠᠯ᠎ᠠ ᠨᠤᠲᠤᠭ ᠤᠨ ᠡᠭᠦᠯᠡᠨ ᠬᠥᠨᠳᠡᠶ︾ ᠶᠢᠨ | ᠲᠣᠮᠣ ᠳ᠋ᠠᠶᠢᠲ᠋ᠠ ᠳᠤ ᠲᠦᠰᠢᠭᠯᠡᠨ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ | ᠳᠡᠭᠡᠭᠰᠢᠯᠡᠭᠦᠯᠦᠨ᠎ᠡ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠬᠠᠷᠢᠭᠤᠴᠠᠨ᠎ᠠ︶ | ︵ᠲᠤᠯᠤᠭ᠎ᠠ︶ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢᠨ ᠣᠳᠣᠬᠢᠴᠢᠯᠠᠬᠤ ᠪᠥᠳᠥᠭᠡᠨ | ᠪᠠᠶᠢᠭᠤᠯᠤᠯᠲᠠ ᠶᠢ ᠴᠢᠩᠭᠠᠳᠬᠠᠨ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 17. ᠭᠤᠤᠯᠳᠠᠯᠭ᠎ᠠ ᠲᠠᠢ ᠬᠦᠷᠢᠶᠡᠨ ᠳᠠᠬᠢ ᠴᠠᠭ ᠠᠭᠤᠷ ᠤᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠮᠢ ᠠᠬᠤᠶ᠂ ᠲᠠᠷᠢᠶᠠᠯᠠᠩ᠂ ᠨᠤᠲᠤᠭ ᠪᠡᠯᠴᠢᠭᠡᠷ᠂ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠴᠠᠭ ᠠᠭᠤᠷ ᠢ ᠠᠵᠢᠭᠯᠠᠨ ᠬᠡᠮᠵᠢᠬᠦ ᠲᠤᠰᠬᠠᠶ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠥᠷᠲᠡᠭᠡᠨ ᠤ ᠬᠤᠭᠤᠷᠣᠨᠳᠣᠬᠢ ᠳᠤᠮᠳᠠᠴᠢ ᠵᠠᠶ ᠶᠢ 10 ᠺᠢᠯᠣᠮᠧᠲᠷ ᠣᠷᠴᠢᠮ ᠳᠤ ᠬᠦᠷᠭᠡᠨ᠎ᠡ᠃ | ᠳᠥᠷᠪᠡᠳ ᠬᠤᠰᠢᠭᠤᠨ ᠳᠤ X ᠳᠣᠯᠭᠢᠶᠠᠨ ᠤ ᠬᠡᠰᠡᠭ ᠤᠨ ᠴᠠᠭ ᠠᠭᠤᠷ ᠤᠨ ᠷᠠᠳᠠᠷ ᠢ ᠪᠠᠶᠢᠭᠤᠯᠵᠤ᠂ ᠷᠠᠳᠠᠷ ᠤᠨ | ᠬᠠᠶᠢᠨ ᠬᠡᠮᠵᠢᠯᠲᠡ ᠶᠢᠨ ᠪᠠᠯᠠᠶ ᠣᠷᠣᠨ ᠢ ᠨᠥᠬᠦᠪᠥᠷᠢᠯᠡᠵᠦ᠂ ᠵᠢᠨᠢᠩ ᠲᠣᠭᠤᠷᠢᠭ ᠲᠤ ᠰᠠᠯᠬᠢᠨ ᠤ ᠬᠤᠷᠮᠣᠶ ᠶᠢᠨ | ᠱᠤᠭᠤᠮ ᠤᠨ ᠴᠠᠭ ᠠᠭᠤᠷ ᠤᠨ ᠷᠠᠳᠠᠷ ᠪᠠ ᠪᠢᠴᠢᠯ ᠳᠣᠯᠭᠢᠶᠠᠨ ᠤ ᠰᠠᠴᠤᠷᠠᠯᠲᠠ ᠶᠢᠨ ᠬᠡᠮᠵᠢᠭᠦᠷ ᠢ ᠲᠣᠰ ᠲᠣᠰ 1 | ᠪᠠᠶᠢᠭᠤᠯᠤᠨ᠎ᠠ᠃ ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠣᠷᠴᠢᠨ ᠠᠬᠤᠶ ᠶᠢ | ᠬᠠᠮᠠᠭᠠᠯᠠᠬᠤ ᠠᠵᠢᠯ ᠢ ᠴᠢᠩᠭᠠᠳᠬᠠᠨ᠎ᠠ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 18. ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠲᠥᠰᠦᠭᠡᠯᠡᠬᠦ ᠶᠢᠨ ᠣᠨᠣᠪᠴᠢ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ ᠲᠤᠭ᠎ᠠ ᠬᠡᠮᠵᠢᠭᠳᠡᠯ ᠢ ᠤᠷᠢᠳᠴᠢᠯᠠᠨ ᠮᠡᠳᠡᠭᠡᠯᠡᠬᠦ ᠪᠠᠷ ᠭᠤᠤᠯ ᠪᠣᠯᠭᠠᠨ᠂ ᠰᠢᠯᠭᠠᠨ ᠪᠠᠶᠢᠴᠠᠭᠠᠵᠤ | ᠦᠨᠡᠯᠡᠨ ᠵᠢᠱᠢᠬᠦ ᠪᠠᠷ ᠤᠳᠤᠷᠢᠳᠤᠮᠵᠢ ᠪᠣᠯᠭᠠᠵᠤ᠂ ᠴᠢᠩᠭ᠎ᠠ ᠰᠣᠯᠢᠭ ᠤᠷᠤᠰᠬᠠᠯ ᠤᠨ ᠣᠬᠤᠷ ᠴᠠᠭ ᠤᠨ | ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠢ ᠴᠢᠩᠭᠠᠳᠬᠠᠨ᠂ ᠭᠠᠮᠰᠢᠭᠲᠤ ᠴᠠᠭ ᠠᠭᠤᠷ ᠤᠨ | ᠤᠷᠢᠳᠴᠢᠯᠠᠭᠰᠠᠨ ᠮᠡᠳᠡᠭᠡ ᠶᠢᠨ ᠨᠠᠷᠢᠯᠢᠬᠵᠢᠯᠲᠠ ᠪᠠ ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠣᠯᠠᠨ ᠬᠡᠮ | ᠬᠡᠮᠵᠢᠶ᠎ᠡ ᠲᠠᠢ ᠭᠠᠮᠰᠢᠭᠲᠤ ᠴᠢᠨᠠᠷ᠂ ᠬᠡᠲᠦᠷᠡᠮᠡᠬᠡᠶ ᠴᠢᠨᠠᠷ᠂ ᠥᠨᠳᠥᠷ ᠨᠥᠯᠥᠭᠡ ᠲᠠᠢ ᠴᠠᠭ ᠠᠭᠤᠷ ᠤᠨ | ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ᠨᠥᠯᠥᠭᠡᠨ ᠳᠤ | ᠰᠠᠭᠤᠷᠢᠯᠠᠭᠰᠠᠨ ᠤᠷᠢᠳᠴᠢᠯᠠᠨ ᠮᠡᠳᠡᠭᠡᠯᠡᠬᠦ ᠪᠠ ᠲᠦᠭᠰᠢᠭᠦᠷᠢ ᠳᠤ ᠰᠠᠭᠤᠷᠢᠯᠠᠭᠰᠠᠨ ᠤᠷᠢᠳᠴᠢᠯᠠᠨ ᠰᠡᠷᠡᠮᠵᠢᠯᠡᠭᠦᠯᠬᠦ | ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠭᠰᠠᠨ ᠮᠡᠳᠡᠭᠡ | ᠺᠢᠯᠣᠮᠧᠲᠷ ᠤᠨ ᠲᠠᠰ ᠲᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠰᠡᠷᠡᠮᠵᠢᠯᠡᠭᠦᠯᠦᠯ ᠤᠨ | ᠤᠷᠢᠳᠴᠢᠯᠠᠭᠰᠠᠨ ᠬᠡᠮᠵᠢᠶ᠎ᠡ ᠶᠢ 50 ᠮᠢᠨᠦ᠋ᠲ ᠠᠴᠠ ᠬᠡᠲᠦᠷᠡᠭᠦᠯᠦᠨ᠎ᠡ᠃ ︵ᠬᠤᠳᠠ ᠶᠢᠨ ᠴᠠᠭ ᠠᠭᠤᠷ ᠤᠨ | ᠲᠣᠪᠴᠢᠶ᠎ᠠ ᠬᠠᠷᠢᠭᠤᠴᠠᠨ᠎ᠠ︶ | 19. ᠣᠯᠠᠨ ᠢᠶᠠᠷ ᠢᠶᠠᠨ ᠬᠤᠪᠢᠶᠠᠭᠰᠠᠨ ᠣᠶᠤᠨᠴᠢ ᠨᠠᠷᠢᠯᠢᠭ ᠦᠢᠯᠡᠴᠢᠯᠡᠭᠡ ᠶᠢ ᠥᠷᠨᠢᠭᠦᠯᠦᠨ᠎ᠡ᠃ ᠣᠯᠠᠨ | ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠢ ᠣᠶᠤᠨᠴᠢ ᠪᠠᠷ ᠦᠢᠯᠡᠳᠬᠦ ᠶᠢ ᠴᠢᠩᠭᠠᠷᠠᠭᠤᠯᠵᠤ᠂ | ᠥᠪᠡᠷᠮᠢᠴᠡ᠂ ᠠᠬᠤᠶ ᠲᠠᠯᠠᠪᠠᠢ ᠶᠢᠨ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠮᠡᠷᠭᠡᠵᠢᠯ ᠢ | ᠣᠷᠣᠭᠤᠯᠤᠨ ᠠᠪᠴᠢᠷᠠᠵᠤ᠂ ᠬᠡᠷᠡᠭᠴᠡᠭᠡ ᠶᠣᠰᠣᠭᠠᠷ ᠦᠢᠯᠡᠴᠢᠯᠡᠭᠡ ᠶᠢ ᠠᠬᠢᠭᠤᠯᠤᠨ᠎ᠠ᠃ ᠣᠯᠠᠨ ᠡᠬᠢᠲᠦ ᠲᠤᠭ᠎ᠠ | ᠪᠠᠷᠢᠮᠲᠠ ᠶᠢᠨ ᠣᠶᠤᠨᠴᠢ ᠰᠢᠢᠳᠪᠦᠷᠢᠲᠦ ᠪᠣᠳᠣᠯᠭ᠎ᠠ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠢ ᠥᠷᠨᠢᠭᠦᠯᠵᠦ᠂ | ᠨᠥᠯᠥᠭᠡᠯᠡᠯ ᠳᠤ ᠰᠠᠭᠤᠷᠢᠯᠠᠭᠰᠠᠨ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠎ᠠ᠃ ︵ᠬᠤᠳᠠ ᠶᠢᠨ ᠴᠠᠭ ᠠᠭᠤᠷ ᠤᠨ ᠲᠣᠪᠴᠢᠶ᠎ᠠ ᠬᠠᠷᠢᠭᠤᠴᠠᠨ᠎ᠠ︶ | 20. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠠᠭᠠᠨᠴᠠᠪ | ᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠲᠣᠭᠤᠷᠢᠨ ᠳᠤ᠂ ︽ᠲᠠᠯ᠎ᠠ ᠨᠤᠲᠤᠭ ᠤᠨ ᠡᠭᠦᠯᠡᠨ ᠬᠥᠨᠳᠡᠶ︾ | ᠶᠢᠨ ᠲᠣᠮᠣ ᠳ᠋ᠠᠶᠢᠲ᠋ᠠ ᠳᠤ ᠲᠦᠰᠢᠭᠯᠡᠨ᠂ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠲᠤᠯᠭᠠᠭᠤᠷᠢᠯᠠᠯ᠂ ᠮᠡᠷᠭᠡᠵᠢᠯ | ᠲᠣᠨᠣᠭᠯᠠᠯ ᠤᠨ ᠪᠠᠲᠤᠯᠠᠭ᠎ᠠ᠂ ᠴᠠᠭ ᠠᠭᠤᠷ ᠤᠨ ᠲᠣᠮᠣ ᠳ᠋ᠠᠶᠢᠲ᠋ᠠ ᠶᠢᠨ ᠬᠡᠷᠡᠭᠯᠡᠯᠲᠡ ᠵᠡᠷᠭᠡ ᠴᠢᠳᠠᠪᠤᠷᠢ ᠶᠢᠨ | ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ | ᠲᠦᠪᠰᠢᠨ ᠤ ᠰᠡᠷᠭᠡᠶᠢᠯᠡᠨ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠴᠠᠭ ᠠᠭᠤᠷ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 21. ᠴᠠᠭ ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠤᠨ᠎ᠠ᠃ | ᠴᠠᠭ ᠠᠭᠤᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠲᠤᠰᠬᠠᠶ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠴᠠᠭ ᠠᠭᠤᠷ ᠤᠨ | ᠴᠢᠳᠠᠪᠤᠷᠢᠲᠠᠨ ᠢ ᠬᠤᠲᠠ ᠰᠢᠶᠠᠨ ︵ᠬᠤᠰᠢᠭᠤ︶ ᠬᠤᠶᠠᠷ ᠱᠠᠲᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ | ᠴᠢᠳᠠᠪᠤᠷᠢᠲᠠᠨ ᠤ ᠲᠥᠯᠥᠪᠯᠡᠭᠡ ᠳᠤ ᠣᠷᠣᠭᠤᠯᠤᠨ᠎ᠠ᠃ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ | ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ | ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠬᠡᠯᠪᠡᠷᠢ ᠶᠢᠨ ᠴᠠᠭ | ᠠᠭᠤᠷ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠤᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠭᠠᠵᠠᠷ ᠤᠨ ᠴᠠᠭ ᠠᠭᠤᠷ ᠤᠨ | ᠦᠢᠯᠡᠰ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ | ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠨ᠂ ᠠᠷᠭ᠎ᠠ ᠬᠡᠮᠵᠢᠶ᠎ᠡ ᠶᠢ ᠲᠣᠰ ᠭᠠᠵᠠᠷ ᠲᠤᠨᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠤᠨ᠂ ᠡᠯ᠎ᠡ ᠵᠦᠢᠯ ᠤᠨ | ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠠᠮᠲᠤᠷᠠᠯ ᠬᠦᠴᠦᠨ ᠢ | ᠪᠦᠷᠢᠯᠳᠦᠭᠦᠯᠦᠨ᠎ᠡ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠭ ᠠᠭᠤᠷ ᠤᠨ ᠠᠵᠢᠯ | ᠡᠷᠭᠢᠯᠡᠭᠰᠡᠳ ᠤᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠶᠢᠨ ᠬᠠᠷᠢᠶ᠎ᠠ | ᠣᠷᠣᠨᠴᠢᠯᠠᠭᠰᠠᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠯ᠎ᠡ | ᠭᠠᠵᠠᠷ ᠤᠨ ᠨᠡᠶᠢᠲᠡᠯᠡᠭᠰᠡᠨ ᠣᠷᠣᠨ ᠨᠤᠲᠤᠭ ᠤᠨ ᠨᠡᠮᠡᠯᠲᠡ ᠨᠡᠮᠡᠭᠦᠷᠢ ᠨᠥᠬᠦᠪᠥᠷᠢ᠂ ᠠᠵᠢᠯ ᠤᠨ ᠠᠮᠵᠢᠯᠲᠠ | ᠪᠦᠲᠦᠮᠵᠢ ᠳᠤ ᠴᠠᠭ ᠠᠭᠤᠷ ᠤᠨ ᠰᠠᠯᠠᠭ᠎ᠠ ᠮᠥᠴᠢᠷ ᠤᠨ ᠠᠵᠢᠯᠲᠠᠨ ᠠᠵᠢᠯᠴᠢᠨ ᠪᠣᠯᠤᠨ ᠣᠷᠣᠨ ᠨᠤᠲᠤᠭ ᠤᠨ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠳᠤ ᠠᠳᠠᠯᠢᠬᠠᠨ ᠣᠯᠭᠤᠮᠵᠢ | ᠬᠦᠷᠲᠡᠭᠡᠨ᠎ᠡ᠃ ᠴᠠᠭ ᠠᠭᠤᠷ ᠤᠨ ᠦᠢᠯᠡᠰ ᠤᠨ ᠠᠵᠢᠯᠯᠠᠭᠠᠨ ᠪᠠ ᠪᠦᠳᠦᠭᠡᠠ ᠪᠠᠶᠢᠭᠤᠯᠤᠯᠲᠠ ᠶᠢᠨ ᠵᠦᠢᠯᠡᠰ ᠢ | ᠬᠥᠭᠵᠢᠭᠦᠯᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠲᠥᠰᠦᠪ ᠲᠤ ᠣᠷᠣᠭᠤᠯᠤᠨ᠎ᠠ᠃ ︵ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠴᠠᠭ ᠠᠭᠤᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠠᠭ ᠠᠭᠤᠷ ᠤᠨ | ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ ᠠᠮᠢᠰᠬᠤᠯ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠵᠡᠷᠭᠡ ᠲᠠᠯ᠎ᠠ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠣᠷᠣᠨ ᠨᠤᠲᠤᠭ ᠤᠨ | ᠴᠠᠭ ᠠᠭᠤᠷ ᠤᠨ ᠪᠠᠷᠢᠮᠵᠢᠶ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠴᠠᠭ ᠠᠭᠤᠷ ᠤᠨ ᠪᠠᠷᠢᠮᠵᠢᠶ᠎ᠠ ᠶᠢᠨ | ᠬᠡᠷᠡᠭᠵᠢᠭᠦᠯᠦᠯᠲᠡ ᠶᠢ ᠴᠢᠩᠭᠠᠳᠬᠠᠨ᠎ᠠ᠃ ︵ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ︵ᠳᠥᠷᠪᠡ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠨᠤᠭᠤᠳ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠳᠥᠯᠭᠢᠨ ᠠᠬᠢᠭᠤᠯᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ | ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠬᠦ ᠶᠢ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ | ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ︵ᠬᠤᠲᠠ ᠶᠢᠨ ᠴᠠᠭ | ᠠᠭᠤᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | | | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠤᠯᠠᠭᠠᠨᠴᠠᠪ ᠤᠨ | ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ | ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠠᠷᠠᠳ ᠤᠨ ᠪᠦᠯᠬᠦᠮ ᠤᠳ᠂ ᠰᠣᠨᠢᠨ ᠮᠡᠳᠡᠭᠡᠯᠡᠯ ᠤᠨ ᠨᠢᠭᠡᠴᠢ ᠨᠦᠭᠦᠳ᠃ | |