ᠰᠢᠩ ᠾᠧ ᠰᠢᠶᠠᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠪᠤᠷᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/26
    9 ᠰᠠᠷ᠎ᠠ ᠶᠢᠨ 24  ᠤ ᠡᠳᠦᠷ᠂ ᠰᠢᠩ ᠾᠧ ᠰᠢᠶᠠᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠪᠤᠷᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃     ᠬᠤᠷᠠᠯ ᠠᠴᠠ᠂ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠪᠣᠯ ᠣᠳᠣᠬᠠᠨ ᠤ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠪᠣᠯᠬᠤ ᠪᠠᠷ ᠪᠠᠷᠠᠬᠤ ᠦᠭᠡᠢ ᠪᠠᠰᠠ ᠴᠤ ᠤᠯᠤᠰ ᠲᠦᠷᠦ ᠶᠢᠨ ᠡᠭᠦᠷᠭᠡ ᠪᠣᠯᠣᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ︽ᠰᠠᠶᠢᠨ ᠶᠠᠪᠤᠳᠠᠯ ᠢ ᠰᠠᠶᠢᠲᠤᠷ ᠬᠢᠬᠦ︾ ᠵᠠᠷᠴᠢᠮ ᠢ ᠪᠠᠷᠢᠮᠲᠠᠯᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ ᠪᠠᠷ ᠲᠠᠷᠢᠶᠠᠴᠢᠳ ᠢ ᠳᠤᠯᠠᠭᠠᠨ ᠲᠠᠭᠠᠯᠠᠮᠵᠢᠲᠠᠢ ᠪᠠᠷ ᠡᠪᠦᠯᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠦᠬᠦᠢ ᠠᠵᠢᠯ ᠤᠨ ᠲᠥᠰᠥᠯ ᠢ ᠴᠢᠨᠠᠭᠰᠢᠳᠠ ᠨᠠᠷᠢᠯᠢᠭᠵᠢᠭᠤᠯᠵᠤ᠂ ᠠᠵᠢᠯ ᠤᠨ ᠲᠣᠭᠲᠠᠴᠠ ᠶᠢ ᠰᠢᠯᠤᠭᠤᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠶᠢ ᠲᠣᠳᠣᠷᠬᠠᠶᠢᠯᠠᠵᠤ᠂ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠨᠡᠭᠦᠷᠡᠰᠦ ᠬᠡᠷᠡᠭᠯᠡᠬᠦ ᠶᠢ ᠪᠠᠲᠤᠯᠠᠬᠤ ᠶᠢ ᠵᠣᠯᠭᠠᠭᠤᠯᠬᠤ᠂ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠵᠡᠷᠭᠡ ᠠᠵᠢᠯ ᠢ ᠡᠷᠲᠡᠬᠡᠨ ᠪᠡᠶᠡᠯᠡᠭᠦᠯᠵᠦ᠂ ᠨᠡᠭᠦᠷᠡᠰᠦ ᠬᠡᠷᠡᠭᠯᠡᠬᠦ ᠶᠢ ᠪᠠᠲᠤᠯᠠᠬᠤ ᠶᠢ ᠡᠮᠬᠢ ᠳᠢᠭᠯᠢᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠰᠡᠳᠬᠢᠯ ᠳᠤᠯᠠᠭᠠᠴᠠᠭᠤᠯᠬᠤ ᠨᠡᠭᠦᠷᠡᠰᠦ ᠶᠢ ᠲᠠᠷᠬᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠲᠣᠰᠬᠤᠨ ᠡᠷᠦᠬᠡ ᠳᠤ ᠬᠦᠷᠲᠡᠯ᠎ᠡ ᠤᠬᠠᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢ ᠦᠨᠡᠨᠬᠦ ᠴᠢᠩᠭᠠᠳᠬᠠᠵᠤ᠂ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2