ᠰᠢᠩ ᠾᠧ ᠰᠢᠶᠠᠨ ︽ᠵᠠᠭᠤᠨ ᠦᠵᠡᠰᠬᠦᠯᠡᠩᠳᠤ ᠰᠠᠶᠢᠬᠠᠨ ᠲᠣᠰᠬᠤᠨ︾ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/28
  9 ᠰᠠᠷ᠎ᠠ ᠶᠢᠨ 26 ᠤ ᠡᠳᠦᠷ᠂ ᠰᠢᠩ ᠾᠧ ᠰᠢᠶᠠᠨ ︽ᠵᠠᠭᠤᠨ ᠦᠵᠡᠰᠬᠦᠯᠡᠩᠳᠤ ᠰᠠᠶᠢᠬᠠᠨ  ᠲᠣᠰᠬᠤᠨ︾ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃     ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ︽ᠵᠠᠭᠤᠨ ᠦᠵᠡᠰᠬᠦᠯᠡᠩᠳᠤ ᠰᠠᠶᠢᠬᠠᠨ ᠲᠣᠰᠬᠤᠨ︾  ᠤ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ︽ ᠵᠠᠭᠤᠨ ᠦᠵᠡᠰᠬᠦᠯᠡᠩᠳᠤ ᠰᠠᠶᠢᠬᠠᠨ ᠲᠣᠰᠬᠤᠨ︾ ᠤ ᠲᠥᠷᠥᠯ ᠵᠦᠢᠯ ᠤᠨ ᠬᠠᠷᠢᠭᠤᠴᠠᠯᠭᠠᠲᠠᠨ ᠣᠳᠣᠬᠠᠨ ᠤ ᠠᠵᠢᠯ᠂ ᠣᠷᠣᠰᠢᠵᠤ ᠪᠠᠶᠢᠭ᠎ᠠ ᠠᠰᠠᠭᠤᠳᠠᠯ᠂ ᠰᠡᠭᠦᠯᠴᠢ ᠶᠢᠨ ᠬᠤᠭᠤᠴᠠᠭᠠᠨ ᠤ ᠲᠥᠯᠥᠪᠯᠡᠭᠡ ᠵᠡᠷᠭᠡ ᠭᠤᠷᠪᠠᠨ ᠲᠠᠯ᠎ᠠ ᠠᠴᠠ ᠬᠤᠷᠠᠯ ᠳᠤ ᠣᠷᠣᠯᠴᠠᠭᠰᠠᠳ ᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠳᠤᠷᠠᠳᠤᠭᠰᠠᠨ ᠪᠥᠭᠡᠳ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠭᠦᠨᠵᠡᠭᠡᠢ ᠶᠠᠷᠢᠯᠴᠠᠨ ᠰᠣᠯᠢᠯᠴᠠᠪᠠ᠃     ᠬᠤᠷᠠᠯ ᠠᠴᠠ᠂ ︽ᠵᠠᠭᠤᠨ ᠦᠵᠡᠰᠬᠦᠯᠡᠩᠳᠤ ᠰᠠᠶᠢᠬᠠᠨ ᠲᠣᠰᠬᠤᠨ︾  ᠤ ᠲᠦᠷᠦᠯ ᠵᠦᠢᠯ ᠨᠢ ᠪᠦᠬᠦ ᠰᠢᠶᠠᠨ ᠪᠦᠬᠦ ᠣᠷᠣᠨ ᠪᠦᠰᠡ ᠶᠢᠨ ᠵᠤᠭᠠᠴᠠᠯ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠪᠲᠡᠷᠡᠯᠴᠡᠭᠡ ᠪᠠᠨ ᠴᠢᠩᠭᠠᠳᠬᠠᠨ᠂ ᠢᠳᠡᠪᠬᠢᠲᠡᠢ ᠪᠠᠷ ᠬᠠᠮᠵᠢᠯᠴᠠᠵᠤ᠂ ᠲᠥᠷᠥᠯ ᠵᠦᠢᠯ ᠢ ᠦᠨᠡᠨᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠬᠤᠷᠳᠤᠴᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠦᠷᠢᠮ ᠢ ᠨᠠᠷᠢᠨ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠢ ᠦᠨᠡᠨᠬᠦ ᠪᠠᠲᠤᠯᠠᠬᠤ ᠬᠡᠷᠡᠭᠲᠡᠢ︔ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠢ ᠦᠨᠡᠨᠬᠦ ᠪᠠᠲᠤᠯᠠᠬᠤ ᠬᠡᠷᠡᠭᠲᠡᠢ︔ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠨᠵᠧᠨᠧᠷᠢᠩ ᠤᠨ ᠲᠥᠷᠥᠯ ᠵᠦᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ︔ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠰᠦᠪᠡᠭᠴᠢᠯᠡᠨ ᠠᠬᠢᠭᠤᠯᠵᠤ᠂ ᠪᠠᠷᠢᠯᠭ᠎ᠠ ᠶᠢᠨ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠴᠠᠭ ᠢ ᠠᠮᠵᠢᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠥᠨᠳᠥᠷ ᠪᠦᠲᠦᠮᠵᠢᠲᠡᠶ ᠠᠭᠢᠬᠤ ᠶᠢ ᠦᠨᠡᠨ ᠬᠦ ᠪᠠᠲᠤᠯᠠᠵᠤ᠂ ᠲᠣᠭᠲᠠᠭᠰᠠᠨ ᠴᠠᠭ ᠲᠠᠭᠠᠨ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠪᠡᠷ ᠂ ᠢᠵᠢ ᠪᠦᠷᠢᠳᠦᠭᠦᠯᠬᠦ ᠳᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠠᠮ᠂ ᠬᠤᠭᠤᠯᠠᠢ ᠶᠢᠨ ᠲᠣᠣᠷ᠂ ᠴᠢᠮᠡᠭᠡ ᠬᠤᠯᠪᠣᠭ᠎ᠠ ᠵᠡᠷᠭᠡ ᠰᠠᠭᠤᠷᠢ ᠢᠵᠢ ᠪᠦᠷᠢᠳᠦᠭᠦᠯᠬᠦ ᠲᠦᠬᠦᠬᠡᠷᠦᠮᠵᠢ ᠬᠢᠭᠡᠳ ᠤᠰᠤᠨ ᠰᠢᠰᠲ᠋ᠧᠮ᠂ ᠨᠣᠭᠤᠭᠠᠷᠠᠭᠤᠯᠤᠯᠲᠠ ᠶᠢ ᠵᠡᠷᠭᠡ ᠲᠤᠨᠢ ᠲᠥᠯᠥᠪᠵᠢᠭᠦᠯᠵᠦ ᠵᠢᠷᠤᠭᠯᠠᠨ ᠲᠥᠯᠥᠪᠯᠡᠬᠦ᠂ ᠵᠡᠷᠭᠡ ᠲᠤᠨᠢ ᠪᠦᠲᠦᠭᠡᠨ ᠪᠠᠶᠢᠭᠤᠯᠵᠤ ᠪᠠᠷᠢᠯᠭ᠎ᠠ ᠪᠠᠷᠢᠬᠤ ᠶᠢ ᠲᠦᠯᠬᠢᠨ ᠠᠬᠢᠭᠤᠯᠵᠤ᠂ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2