ᠳᠥᠷᠪᠡᠳ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/29
    9 ᠰᠠᠷ᠎ᠠ ᠶᠢᠨ 28 ᠤ ᠡᠳᠦᠷ᠂ ᠳᠥᠷᠪᠡᠳ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠤᠷᠠᠯ ᠬᠤᠷᠠᠯᠳᠤᠪᠠ᠂ ᠡᠨᠡ ᠨᠢ ᠲᠣᠰ ᠬᠤᠰᠢᠭᠤᠨ ᠤ ᠤᠯᠠᠭᠠᠨᠬᠤᠸᠠ ᠪᠠᠯᠭᠠᠰᠤᠨ ᠤ 13 ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠠᠵᠢᠯ ᠨᠢᠭᠡᠨᠲᠡ ᠵᠢᠩᠬᠢᠨᠢ ᠪᠠᠷ ᠶᠠᠪᠤᠭᠳᠠᠬᠤ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃     ᠬᠤᠷᠠᠯ ᠠᠴᠠ ᠱᠠᠭᠠᠷᠳᠠᠭᠰᠠᠨ ᠨᠢ᠂ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠪᠣᠯ ᠳᠥᠷᠪᠡᠳ ᠬᠤᠰᠢᠭᠤᠨ ᠤ ᠣᠳᠣᠬᠠᠨ ᠤ ᠠᠵᠢᠯ ᠤᠨ ᠳᠤᠮᠳᠠᠬᠢ ᠨᠢᠭᠡᠨ ᠲᠣᠮᠣ ᠶᠠᠪᠤᠳᠠᠯ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠨᠡᠶᠢᠭᠡᠮ ᠲᠣᠭᠤᠷᠢᠭ ᠤᠨ ᠬᠤᠪᠢᠶᠠᠷᠢᠯᠠᠯ ᠤᠨ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠬᠦ ᠬᠡᠷᠡᠭᠲᠡᠢ᠃ ᠣᠷᠣᠨ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠰᠢᠭᠤᠨ ᠤ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠢ ᠭᠡᠵᠡᠢ᠃     ᠲᠣᠰ ᠤᠳᠠᠭ᠎ᠠ ᠤᠯᠠᠭᠠᠨᠬᠤᠸᠠ ᠪᠠᠯᠭᠠᠰᠤᠨ ᠤ 13 ᠨᠡᠶᠢᠭᠡᠮ ᠲᠣᠭᠤᠷᠢᠭ ᠲᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠠᠵᠢᠯ ᠬᠢᠵᠡᠢ᠂ ᠡᠭᠦᠨ ᠳᠤ᠂ ᠹᠦ᠋ ᠴᠢᠶᠠᠩ ᠵᠠᠮ᠂ ᠸᠧᠢ ᠵᠢᠩ ᠵᠠᠮ᠂ ᠸᠧᠨ ᠪᠧᠢ ᠵᠠᠮ ᠵᠡᠷᠭᠡ 12 ᠨᠡᠶᠢᠭᠡᠮ ᠲᠣᠭᠤᠷᠢᠭ ᠲᠤ ᠲᠣᠬᠢᠷᠠᠭᠤᠯᠤᠯᠲᠠ ᠬᠢᠵᠡᠢ᠂ ᠭᠤᠸᠠᠩ ᠴᠠᠩ ᠯᠦ ᠨᠡᠶᠢᠭᠡᠮ ᠲᠣᠭᠤᠷᠢᠭ ᠲᠣᠬᠢᠷᠠᠭᠤᠯᠤᠯᠲᠠ ᠶᠢᠨ ᠬᠡᠪᠴᠢᠶᠡᠨ ᠳᠤ ᠪᠠᠶᠢᠬᠤ ᠦᠭᠡᠢ᠃ ᠲᠣᠰ ᠤᠳᠠᠭᠠᠨ ᠤ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠠᠵᠢᠯ ᠳᠤ ᠨᠡᠶᠢᠭᠡᠮ ᠲᠣᠭᠤᠷᠢᠭ ᠨᠢᠭᠡᠪᠦᠷᠢ ᠳᠤ 3000 ᠡᠷᠦᠬᠡ ᠣᠷᠴᠢᠮ᠂ 6000 ᠬᠥᠮᠥᠨ ᠣᠷᠴᠢᠮ ᠤᠨ ᠪᠠᠷᠢᠮᠵᠢᠶ᠎ᠠ ᠪᠠᠷ ᠵᠢᠵᠢᠭ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠢ ᠨᠡᠶᠢᠯᠡᠭᠦᠯᠬᠦ᠂ ᠲᠣᠮᠣ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠢ ᠰᠢᠯᠢᠳᠡᠭᠵᠢᠭᠦᠯᠦᠨ ᠲᠣᠬᠢᠷᠠᠭᠤᠯᠵᠤ᠂ ᠵᠢᠵᠢᠭ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨ ᠤ ᠡᠬᠢ ᠪᠠᠶᠠᠯᠢᠭ ᠢ ᠪᠦᠷᠢᠯᠭᠡᠵᠤ᠂ ᠲᠣᠮᠣ ᠨᠡᠶᠢᠭᠡᠮ ᠲᠣᠭᠤᠷᠢᠭ ᠲᠤ ᠬᠠᠮᠢᠶᠠᠷᠴᠤ ᠳᠡᠶᠢᠯᠬᠦ ᠦᠭᠡᠢ ᠦᠵᠡᠭᠳᠡᠯ ᠢᠯᠡᠷᠡᠬᠦ ᠠᠴᠠ ᠤᠯᠠᠮ ᠨᠢᠭᠡ ᠠᠯᠬᠤᠮ ᠵᠠᠶᠢᠯᠠᠰᠬᠢᠪᠡ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2