ᠴᠢ ᠹᠸᠢ ᠶᠦᠨ ᠰᠢᠩ ᠾᠧ ᠰᠢᠶᠠᠨ ᠳᠤ ᠤᠰᠤᠨ ᠲᠣᠤᠷ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/5
   9 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠰᠢᠩ ᠾᠧ ᠰᠢᠶᠠᠨ ᠳᠤ ᠤᠰᠤᠨ ᠲᠣᠤᠷ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠨᠠᠮᠤᠷ ᠤᠨ ᠬᠤᠷᠢᠶᠠᠯᠲᠠ ᠵᠡᠷᠭᠡ ᠠᠵᠢᠯ ᠤᠨ ᠲᠤᠬᠠᠶ ᠪᠠᠶᠢᠴᠠᠭᠠᠨ  ᠰᠤᠳᠤᠯᠪᠠ᠃    ᠴᠢ ᠹᠸᠢ ᠶᠦᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ︽ᠲᠦᠷᠪᠡ ᠶᠢ ᠤᠰᠤ ᠪᠠᠷ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ᠂ ᠰᠢᠶᠠᠨ ᠤ ᠬᠤᠶᠠᠷ ᠱᠠᠲᠤᠨ ᠤ ᠤᠰᠤᠨ ᠤ ᠲᠣᠣᠷ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠪᠦᠬᠦ ᠬᠤᠳᠠ ᠶᠢᠨ ᠤᠳᠤ ᠦᠶ᠎ᠡ ᠶᠢᠨ ᠤᠰᠤᠨ ᠤ ᠲᠣᠣᠷ ᠤᠨ ᠰᠢᠰᠲ᠋ᠧᠮ ᠢ ᠲᠦᠷᠭᠡᠨ ᠨᠢᠭᠲᠠ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠤᠰᠤᠨ ᠤ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃ ᠪᠠᠯ ᠴᠢᠯᠠᠭᠤ ᠵᠡᠷᠭᠡ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠪᠦᠬᠦ ᠠᠵᠢᠯ ᠤᠨ ᠳᠠᠷᠠᠭᠠᠯᠠᠯ ᠢᠶᠠᠷ ᠦᠢᠯᠡᠳᠪᠦᠷᠢᠯᠡᠬᠦ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠥᠭᠵᠢᠬᠦ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠥᠬᠡᠶ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠰᠢᠨ᠎ᠡ ᠪᠠᠷ ᠪᠠᠶᠢᠭᠤᠯᠬᠤ ᠭᠤᠤᠯᠳᠠᠯᠭ᠎ᠠ ᠲᠠᠢ ᠲᠥᠷᠥᠯ ᠵᠦᠢᠯ ᠢ ᠡᠷᠲᠡ ᠪᠠᠶᠢᠭᠤᠯᠵᠤ ᠡᠷᠲᠡ ᠠᠰᠢᠭᠯᠠᠯᠲᠠ ᠳᠤ ᠣᠷᠣᠭᠤᠯᠵᠤ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠴᠢ ᠹᠸᠢ ᠶᠦᠨ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ ᠂ ᠨᠠᠮᠤᠷ ᠤᠨ ᠠᠮᠤ ᠪᠤᠳᠠᠭᠠᠨ ᠤ ᠲᠠᠷᠢᠶᠠᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠮᠤᠷ ᠤᠨ ᠬᠤᠷᠢᠶᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠳᠤ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ ᠂ ᠦᠷ᠎ᠡ ᠶᠢᠨ ᠦᠢᠯᠡᠰ ᠤᠨ ︽ᠪᠣᠭᠤᠮᠢᠯᠠᠭᠰᠠᠨ︾ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠮᠤ ᠪᠤᠳᠠᠭᠠᠨ ᠤ ᠠᠮᠤᠷ ᠲᠦᠪᠰᠢᠨ᠂ ︽ᠬᠤᠯᠢᠰᠢᠨ ᠢᠳᠡᠭᠡᠨ︾ ᠤ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠬᠥᠲᠥᠴᠢ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠨᠠᠷᠢᠯᠢᠭ ᠭᠦᠨᠵᠡᠭᠡᠶ ᠡᠳ᠋ᠰᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠨᠴᠠᠯᠢᠭ ᠢᠶᠠᠷ ᠢᠯᠡ ᠲᠣᠳᠣ ᠂ ᠪᠣᠬᠢᠷᠲᠤᠯ ᠥᠬᠡᠶ ᠠᠮᠢ ᠠᠬᠤᠶ ᠶᠢᠨ ᠢᠳᠡᠰᠢᠨ ᠨᠣᠭᠤᠭ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠭᠦᠢᠴᠡᠳ ᠪᠥᠭᠡᠳ ᠠᠮᠢᠳᠤᠯᠢᠭ ᠢᠶᠠᠷ ᠬᠡᠷᠡᠭᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠳᠠ ᠶᠢᠨ ᠳᠡᠳ᠋ ᠳᠠᠷᠤᠭ᠎ᠠ ᠼᠤᠤ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                          ᠣᠷᠴᠢᠭᠤᠯᠤᠭᠴᠢ᠄ ᠭᠤᠸ᠎ᠠ                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2