| ᠤᠶᠢᠷ᠎ᠡ ᠶᠢᠨ ᠡᠳᠦᠷ᠂ 2022 ᠣᠨ ᠤ ᠪᠥᠬᠦ ᠬᠤᠲᠠ ᠶᠢᠨ ᠲᠠᠷᠢᠮᠠᠯ ᠤᠨ ᠦᠢᠯᠡᠰ ᠤᠨ ᠨᠡᠶᠢᠲᠡᠯᠢᠭ ᠵᠢᠱᠢᠶ᠎ᠡ | ᠦᠵᠡᠭᠦᠯᠬᠦ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠬᠤᠷᠠᠯ ᠳᠥᠷᠪᠡᠳ ᠬᠤᠰᠢᠭᠤᠨ ᠳᠤ ᠬᠤᠷᠠᠯᠳᠤᠪᠠ᠃ | ᠦᠵᠡᠭᠦᠯᠦᠯᠭᠡ ᠶᠢᠨ ᠳᠤᠭᠤᠶᠢᠯᠠᠩ ᠤᠨ ᠬᠢᠨ ᠳᠥᠷᠪᠡᠳ ᠬᠤᠰᠢᠭᠤᠨ ᠤ ᠵᠦᠩ ᠵᠢᠶᠠ ᠲᠠᠷᠢᠶᠠᠯᠠᠩ ᠤᠨ ᠺᠣᠮᠫᠠᠨᠢ | ᠂ ᠲᠥᠮᠥᠰᠥ ᠶᠢᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ | ᠣᠷᠣᠨ᠂ ᠲᠥᠮᠥᠰᠥ ᠶᠢᠨ ︽ᠲᠠᠷᠢᠶ᠎ᠠ ᠶᠢ ᠦᠵᠡᠵᠦ ᠦᠷ᠎ᠡ ᠰᠣᠩᠭᠤᠬᠤ︾ ᠲᠠᠪᠴᠠᠩ ᠤᠨ ᠦᠵᠡᠭᠦᠯᠦᠯᠭᠡ ᠶᠢᠨ | ᠲᠠᠷᠢᠶ᠎ᠠ᠂ ᠬᠠᠳᠤᠨ ᠭᠤᠣᠯ ᠤᠨ ᠰᠠᠪᠠ ᠭᠠᠵᠠᠷ ᠤᠨ ᠮᠠᠯ ᠠᠵᠤ ᠠᠬᠤᠢ ᠲᠠᠷᠢᠶᠠᠯᠠᠩ ᠤᠨ ᠪᠣᠬᠢᠷᠳᠤᠯ ᠦᠭᠡᠢ | ᠬᠥᠭᠵᠢᠯᠲᠡ ᠶᠢᠨ ᠡᠷᠳᠡᠨᠢ ᠰᠢᠰᠢ ᠶᠢᠨ ᠵᠢᠱᠢᠶ᠎ᠡ ᠦᠵᠡᠭᠦᠯᠬᠦ ᠭᠠᠵᠠᠷ ᠢ ᠲᠤᠬᠠᠢ ᠶᠢᠨ ᠭᠠᠵᠠᠷ ᠲᠤᠨᠢ ᠲᠣᠭᠤᠷᠢᠨ | ᠦᠵᠡᠪᠡ᠃ ᠬᠦᠷᠦᠭᠰᠡᠨ ᠭᠠᠵᠠᠷ ᠪᠣᠯᠭᠠᠨ ᠳᠤ᠂ ᠠᠵᠢᠯᠲᠠᠳ ᠲᠥᠷᠥᠯ ᠵᠦᠢᠯ ᠤᠨ ᠣᠨᠴᠠᠯᠢᠭ ᠰᠢᠨᠵᠢ᠂ | ᠭᠠᠷᠤᠯᠲᠠ ᠶᠢᠨ ᠬᠡᠮᠵᠢᠶ᠎ᠡ᠂ ᠶᠠᠰᠤ ᠴᠢᠨᠠᠷ ᠵᠡᠷᠭᠡ ᠲᠠᠯ᠎ᠠ ᠵᠢᠴᠢ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ | ᠵᠠᠭᠪᠤᠷ ᠢ ᠳᠡᠯᠭᠡᠷᠡᠭᠦᠯᠬᠦ ᠵᠡᠷᠭᠡ ᠠᠵᠢᠯ ᠤᠨ ᠲᠠᠯ᠎ᠠ ᠪᠠᠷ ᠨᠠᠷᠢᠨ ᠪᠣᠳᠠᠲᠠᠢ ᠲᠠᠶᠢᠯᠤᠮᠵᠢ ᠬᠢᠵᠡᠢ᠃ ᠬᠤᠷᠠᠯ ᠳᠤ | ᠣᠷᠣᠯᠴᠠᠭᠰᠠᠳ ᠲᠠᠷᠢᠮᠠᠯ ᠤᠨ ᠤᠷᠭᠤᠴᠠ ᠶᠢᠨ ᠪᠠᠶᠢᠳᠠᠯ᠂ ᠲᠠᠷᠢᠶᠠᠨ ᠠᠵᠢᠯ ᠤᠨ ᠬᠠᠮᠢᠶᠠᠷᠤᠯᠲᠠ ᠵᠡᠷᠭᠡ ᠪᠠᠶᠢᠳᠠᠯ ᠢ | ᠨᠠᠷᠢᠨ ᠠᠵᠢᠭᠯᠠᠬᠤ ᠶᠢᠨ ᠬᠠᠮᠲᠤ ᠲᠦᠷᠦᠯ ᠵᠦᠢᠯ ᠪᠦᠷᠢ ᠶᠢᠨ ᠤᠷᠭᠤᠴᠠ ᠶᠢᠨ ᠪᠠᠶᠢᠳᠠᠯ᠂ ᠥᠪᠡᠷᠮᠢᠴᠡ ᠴᠢᠨᠠᠷ᠂ | ᠡᠪᠡᠳᠴᠢᠨ ᠢ ᠡᠰᠡᠷᠭᠦᠴᠡᠬᠦ ᠴᠢᠳᠠᠪᠤᠷᠢ᠂ ᠵᠢᠱᠢᠭᠰᠡᠨ ᠤᠨᠠᠯᠲᠠ ᠶᠢᠨ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢ | ᠲᠤᠬᠠᠢ ᠶᠢᠨ ᠭᠠᠵᠠᠷ ᠲᠤᠨᠢ ᠰᠣᠯᠢᠯᠴᠠᠨ ᠰᠤᠷᠤᠯᠴᠠᠵᠠᠢ᠃ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ | ᠴᠤᠭᠯᠠᠭᠠᠨ ᠢᠶᠠᠷ ᠳᠡᠮᠵᠢᠨ᠂ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠳᠤᠮᠳᠠ | ᠣᠯᠣᠭᠰᠠᠨ ᠰᠢᠨ᠎ᠡ ᠦᠷ᠎ᠡ ᠪᠦᠲᠦᠮᠵᠢ᠂ ᠰᠢᠨ᠎ᠡ ᠲᠤᠷᠰᠢᠯᠭ᠎ᠠ ᠶᠢ ᠰᠤᠷᠤᠯᠴᠠᠵᠤ᠂ ᠬᠠᠷᠢᠯᠴᠠᠨ ᠦᠵᠡᠭᠦᠯᠦᠨ | ᠰᠤᠷᠤᠯᠴᠠᠵᠤ ᠰᠣᠯᠢᠯᠴᠠᠬᠤ ᠳᠤᠮᠳᠠ ᠵᠥᠷᠢᠶ᠎ᠡ ᠪᠠᠨ ᠡᠷᠢᠵᠦ᠂ ᠠᠰᠠᠭᠤᠳᠠᠯ ᠢ ᠢᠯᠡᠷᠡᠭᠦᠯᠦᠨ᠂ ᠲᠤᠷᠰᠢᠯᠭ᠎ᠠ ᠪᠠᠨ | ᠳ᠋ᠦᠩᠨᠡᠭᠰᠡᠨ ᠪᠠᠶᠢᠨ᠎ᠠ᠃ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠ ᠲᠠᠷᠢᠶᠠᠯᠠᠩ ᠤᠨ ᠮᠡᠷᠭᠡᠵᠢᠯ ᠤᠨ ᠠᠵᠢᠯᠲᠠᠨ᠂ | ᠲᠠᠷᠢᠮᠠᠯ ᠤᠨ ᠲᠣᠮᠣ ᠡᠷᠦᠬᠡ ᠶᠢᠨ ᠲᠥᠯᠥᠭᠡᠯᠡᠭᠴᠢ ᠨᠠᠷ ᠦᠵᠡᠭᠦᠯᠦᠯᠭᠡ ᠶᠢᠨ ᠪᠣᠯᠪᠠᠰᠤᠷᠠᠭᠤᠯᠤᠯ ᠳᠤ ᠣᠷᠣᠯᠴᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |