︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠶᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ | ᠬᠤᠲᠠ ᠶᠢᠨ ᠵᠠᠰᠠᠭ ᠤᠨ ᠣᠷᠳᠣᠨ ᠤ 2022 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ | ᠬᠢᠨᠠᠨ ᠵᠥᠪᠯᠡᠵᠦ ᠪᠠᠲᠤᠯᠠᠭᠠᠳ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠨ᠎ᠡ᠄ | ᠨᠢᠭᠡ᠂ ︽ᠲᠥᠯᠥᠪᠵᠢᠭᠦᠯᠭᠡ︾ ᠶᠢ ᠨᠡᠶᠢᠲᠡᠯᠡᠭᠰᠡᠨ ᠠᠬᠤᠶ ᠪᠠᠶᠢᠳᠠᠯ ᠪᠠ ᠦᠨᠳᠦᠰᠦᠯᠡᠯ ᠨᠢ ᠶᠠᠭᠤ ᠪᠤᠢ | ︽ᠲᠥᠯᠥᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠵᠡᠮᠳᠡᠭᠴᠦᠳ ᠤᠨ ᠦᠢᠯᠡᠰ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ | ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠ ︽ᠤᠯᠠᠭᠠᠨᠴᠠᠪ ᠬᠤᠲᠠ ᠶᠢᠨ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠵᠡᠮᠳᠡᠭᠴᠦᠳ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠠᠷᠠᠳ ᠲᠦᠮᠡᠨ ᠢᠶᠠᠷ | ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠵᠡᠮᠳᠡᠭᠴᠦᠳ ᠤᠨ ᠬᠠᠮᠤᠭ ᠠᠴᠠ | ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠲᠦᠷᠢᠮ ᠪᠣᠯᠤᠨ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢ | ᠨᠢᠭᠡᠳᠬᠡᠵᠦ᠂ ᠡᠬᠢ ᠪᠠᠶᠠᠯᠢᠭ ᠢ ᠨᠡᠶᠢᠳᠬᠡᠵᠦ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠵᠡᠮᠳᠡᠭᠴᠦᠳ ᠤᠨ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ | ᠨᠡᠩ ᠭᠤᠣᠯᠴᠢ ᠪᠠᠷ ᠵᠡᠮᠳᠡᠭᠴᠦᠳ ᠲᠤ ᠬᠦᠷᠲᠡᠭᠡᠨ᠎ᠡ᠃ | ᠬᠤᠶᠠᠷ᠂ ︽ᠲᠥᠯᠥᠪᠵᠢᠭᠦᠯᠭᠡ︾ ᠳᠤ ᠳᠤᠷᠠᠳᠤᠭᠰᠠᠨ ᠠᠵᠢᠯ ᠤᠨ ᠬᠠᠷᠠᠯᠲᠠ ᠨᠢ ᠶᠠᠭᠤ ᠪᠤᠢ | ︽ᠲᠥᠯᠥᠪᠵᠢᠭᠦᠯᠭᠡ︾ ᠳᠤ 2025 ᠣᠨ ᠪᠣᠯᠬᠤ ᠳᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠲᠤ ᠪᠦᠬᠦ ᠲᠠᠯ᠎ᠠ ᠶᠢᠨ | ᠨᠢᠭᠡ ᠨᠠᠰᠤᠨ ᠤ ᠦᠶᠡᠯᠡᠯ ᠤᠨ ᠬᠤᠭᠤᠴᠠᠭᠠᠨ ᠤ ᠤᠯᠠᠨ ᠨᠡᠶᠢᠲᠡ ᠶᠢᠨ ᠦᠢᠯᠡᠴᠢᠯᠡᠭᠡ ᠶᠢ ᠡᠳ᠋ᠯᠡᠭᠦᠯᠵᠦ᠂ | ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠮᠡᠳᠡᠭᠳᠡᠮ᠎ᠡ ᠳᠡᠭᠡᠭᠰᠢᠯᠡᠭᠦᠯᠵᠦ᠂ ᠪᠦᠬᠦ ᠬᠦᠷᠢᠶᠡᠨ ᠤ | ᠵᠡᠮᠳᠡᠭᠴᠦᠳ ᠤᠨ ᠦᠢᠯᠡᠰ ᠤᠨ ᠰᠠᠭᠤᠷᠢ ᠪᠠᠲᠤᠯᠠᠪᠤᠷᠢ ᠶᠢᠨ ᠨᠥᠬᠦᠴᠡᠯ ᠢ ᠮᠡᠳᠡᠭᠳᠡᠮ᠎ᠡ ᠰᠠᠶᠢᠵᠢᠷᠠᠭᠤᠯᠵᠤ᠂ ᠶᠠᠰᠤ | ᠴᠢᠨᠠᠷ ᠦᠷ᠎ᠡ ᠠᠰᠢᠭ ᠢ ᠮᠡᠳᠡᠭᠳᠡᠮ᠎ᠡ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠤᠨ ᠠᠭᠤᠰᠤᠯᠴᠠᠨ ᠬᠥᠭᠵᠢᠬᠦ | ᠪᠠ ᠴᠢᠨᠠᠷ ᠰᠠᠶᠢᠲᠠᠢ ᠬᠥᠭᠵᠢᠬᠦ ᠶᠢ ᠪᠡᠶᠡᠯᠡᠭᠦᠯᠦᠨ᠎ᠡ ᠭᠡᠵᠦ ᠳᠤᠷᠠᠳᠴᠠᠢ᠃ | ︽ᠲᠥᠯᠥᠪᠵᠢᠭᠦᠯᠭᠡ︾ ᠶᠢᠨ ᠬᠠᠷᠠᠯᠲᠠ ᠶᠢ ᠲᠣᠭᠲᠠᠭᠠᠬᠤ ᠪᠣᠯ ᠰᠢ ᠶᠢᠨ ᠫᠢᠩ ᠶᠡᠷᠦᠩᠬᠡᠢ ᠱᠦᠵᠢ ᠶᠢᠨ | ᠵᠡᠮᠳᠡᠭᠴᠦᠳ ᠤᠨ ᠦᠢᠯᠡᠰ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠵᠡᠮᠳᠡᠭᠴᠦᠳ ᠤᠨ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠣᠯᠤᠭᠰᠠᠨ ᠠᠯᠢ ᠤᠯᠠᠨ ᠠᠮᠵᠢᠯᠲᠠ | ᠪᠦᠲᠦᠮᠵᠢ ᠶᠢᠨ ᠳᠣᠣᠷ᠎ᠠ ᠵᠢᠱᠢᠭᠰᠡᠨ ᠵᠠᠶᠢᠯᠠᠰᠢ ᠦᠭᠡᠢ ᠬᠦᠰᠡᠯ ᠡᠷᠡᠮᠡᠯᠵᠡᠯ ᠮᠥᠨ᠃ | ᠭᠤᠷᠪᠠ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ ᠨᠢ ᠶᠠᠭᠤ ᠪᠤᠢ | ᠲᠥᠯᠥᠪᠵᠢᠭᠦᠯᠭᠡ ᠶᠢ 4 ᠬᠡᠰᠡᠭ᠂ 7 ᠵᠦᠶᠯ ᠤᠨ ᠡᠭᠦᠷᠭᠡ᠂ 30 ᠵᠦᠶᠯ ᠤᠨ ᠭᠤᠤᠯ ᠠᠷᠭ᠎ᠠ ᠬᠡᠮᠵᠢᠶ᠎ᠡ ᠳᠤ | ᠬᠤᠪᠢᠶᠠᠵᠤ᠂ 1 ᠭᠤᠤᠯ ᠭᠦᠶᠴᠡᠳᠬᠡᠯ ᠲᠤᠭ᠎ᠠ ᠶᠢᠨ ᠲᠤᠰᠬᠠᠶ ᠪᠤᠯᠤᠩ ᠪᠠ 6 ᠲᠥᠷᠥᠯ ᠵᠦᠶᠯ ᠤᠨ ᠲᠤᠰᠬᠠᠶ | ᠪᠤᠯᠤᠩ ᠭᠠᠷᠭᠠᠪᠠ᠃ | ᠨᠢᠭᠡᠳᠦᠭᠡᠷ ᠬᠡᠰᠡᠭ ᠨᠢ ᠪᠣᠯᠪᠠᠰᠤᠷᠠᠭᠤᠯᠤᠭᠰᠠᠨ ᠠᠬᠤᠶ ᠪᠠᠶᠢᠳᠠᠯ ᠪᠣᠯᠤᠨ᠎ᠠ᠃ ᠮᠠᠨ ᠤ ᠬᠤᠲᠠ ᠶᠢᠨ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠭᠤᠣᠯ | ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠠᠬᠢ ᠵᠡᠮᠳᠡᠭᠴᠦᠳ ᠤᠨ ᠦᠢᠯᠡᠰ ᠲᠤ ᠲᠤᠯᠭᠠᠷᠠᠭᠰᠠᠨ ᠠᠵᠠ ᠲᠣᠬᠢᠶᠠᠯ ᠪᠠ ᠪᠠᠷᠲᠠᠭᠠᠨ ᠢ ᠵᠠᠳᠠᠯᠪᠠ᠃ | ᠬᠤᠶᠠᠳᠤᠭᠠᠷ ᠬᠡᠰᠡᠭ ᠨᠢ ᠶᠡᠷᠦᠩᠬᠡᠶ ᠱᠠᠭᠠᠷᠳᠠᠯᠭ᠎ᠠ ᠪᠣᠯᠤᠨ᠎ᠠ᠃ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ | ᠵᠠᠷᠴᠢᠮ ᠪᠣᠯᠤᠨ ᠭᠤᠣᠯ ᠬᠠᠷᠠᠯᠲᠠ ᠶᠢ ᠲᠣᠳᠣᠷᠬᠠᠶᠢᠯᠠᠵᠤ᠂ 11 ᠭᠤᠣᠯ ᠪᠣᠯᠬᠤ ᠬᠥᠭᠵᠢᠯᠲᠡ ᠶᠢᠨ ᠭᠦᠢᠴᠡᠳᠬᠡᠬᠦ | ᠲᠤᠭ᠎ᠠ ᠶᠢ ᠲᠣᠭᠲᠠᠭᠠᠪᠠ᠃ | ᠭᠤᠷᠪᠠᠳᠤᠭᠠᠷ ᠬᠡᠰᠡᠭ ᠨᠢ ᠭᠤᠣᠯ ᠡᠭᠦᠷᠭᠡ ᠪᠣᠯᠤᠨ᠎ᠠ᠃ ᠨᠢᠭᠡ ᠳᠤ ᠵᠡᠮᠳᠡᠭᠴᠦᠳ ᠤᠨ ᠨᠡᠶᠢᠭᠡᠮ ᠤᠨ | ᠪᠠᠲᠤᠯᠠᠭ᠎ᠠ ᠶᠢᠨ ᠲᠣᠭᠲᠠᠭᠤᠨ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ᠵᠡᠮᠳᠡᠭᠴᠦᠳ ᠤᠨ ᠦᠨᠳᠦᠰᠦᠨ | ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠬᠤᠶᠠᠷ ᠲᠤ ᠵᠡᠮᠳᠡᠭᠴᠦᠳ ᠤᠨ ᠠᠵᠢᠯ | ᠤᠯᠬᠤ ᠠᠳᠠᠯ ᠦᠢᠯᠡᠰ ᠴᠣᠭᠴᠠᠯᠠᠬᠤ ᠲᠣᠭᠲᠠᠴᠠ ᠶᠢ ᠶᠡᠬᠡᠪᠡᠷ ᠲᠡᠭᠦᠯᠳᠡᠷᠵᠢᠭᠦᠯᠵᠦ᠂ ᠠᠵᠢᠯ ᠤᠯᠬᠤ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠭᠤᠷᠪᠠ ᠳᠤ᠂ ᠡᠷᠡᠭᠦᠯᠵᠢᠭᠦᠯᠬᠦ ᠦᠢᠯᠡᠴᠢᠯᠡᠭᠡᠨ ᠤ ᠶᠠᠰᠤ ᠴᠢᠨᠠᠷ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠡᠮᠳᠡᠭᠴᠦᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠲᠦᠷᠪᠡ ᠳᠤ᠂ ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠪᠦᠬᠦ | ᠬᠦᠴᠦᠨ ᠢᠶᠠᠷ ᠢᠶᠠᠨ ᠬᠥᠭᠵᠢᠭᠦᠯᠵᠦ᠂ ᠵᠡᠮᠳᠡᠭᠴᠦᠳ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠲᠠᠪᠤ ᠳᠤ | ᠬᠠᠤᠯᠢ ᠪᠠᠷ ᠵᠠᠰᠠᠬᠤ ᠪᠠ ᠬᠠᠷᠰᠢ ᠰᠠᠭᠠᠳ ᠦᠭᠡᠢ ᠣᠷᠴᠢᠨ ᠠᠬᠤᠶ ᠶᠢᠨ ᠪᠠᠶᠢᠭᠤᠯᠤᠯᠲᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ ᠪᠠᠷ ᠣᠷᠣᠯᠴᠠᠬᠤ ᠶᠢ | ᠪᠠᠲᠤᠯᠠᠨ᠎ᠠ᠃ ᠵᠢᠷᠭᠤᠭ᠎ᠠ ᠳᠤ᠂ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ | ᠪᠦᠷᠢᠯᠳᠦᠭᠦᠯᠵᠦ ᠥᠭᠭᠦᠨ᠎ᠡ᠃ ᠲᠤᠯᠤᠭ᠎ᠠ ᠳᠤ᠂ ᠴᠢᠩᠭ᠎ᠠ ᠬᠦᠴᠦᠲᠡᠢ ᠲᠤᠯᠭᠠᠭᠤᠷᠢᠯᠠᠯ ᠤᠨ ᠰᠢᠰᠲ᠋ᠧᠮ ᠢ ᠦᠨᠡᠨᠬᠦ | ᠪᠠᠶᠢᠭᠤᠯᠵᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠲᠦᠷᠪᠡ᠂ ︽ᠲᠥᠯᠥᠪᠵᠢᠭᠦᠯᠭᠡ︾ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠬᠡᠷᠬᠢᠨ ᠪᠠᠲᠤᠯᠠᠬᠤ ᠪᠤᠢ | ᠨᠢᠭᠡ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠪᠣᠳᠠᠲᠠᠶ ᠠᠷᠭ᠎ᠠ | ᠬᠡᠮᠵᠢᠶ᠎ᠡ ᠲᠣᠭᠲᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠤᠤᠯᠳᠠᠯᠭ᠎ᠠ ᠲᠠᠢ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ | ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠳᠡᠭᠡᠳᠦ ᠱᠠᠲᠤᠨ ᠤ ᠨᠥᠬᠦᠪᠥᠷᠢ ᠪᠠᠯᠠ ᠮᠥᠩᠭᠦ᠂ ᠡᠩ ᠤᠨ ᠣᠯᠠᠨ ᠨᠡᠶᠢᠲᠡ ᠶᠢᠨ ᠲᠥᠰᠦᠪ᠂ | ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠪᠠᠯᠠ ᠮᠥᠩᠭᠦ ᠶᠢ ᠡᠮᠬᠢᠯᠡᠨ | ᠨᠡᠶᠢᠯᠡᠭᠦᠯᠵᠦ ᠬᠡᠷᠡᠭᠯᠡᠨ᠂ ᠵᠡᠮᠳᠡᠭᠴᠦᠳ ᠤᠨ ᠠᠵᠢᠯ ᠦᠶᠯᠡᠰ ᠤᠨ ᠬᠥᠭᠵᠢᠯᠲᠡ ᠶᠢᠨ ᠪᠠᠯᠠ ᠮᠥᠩᠭᠦ᠂ ᠨᠡᠶᠢᠭᠡᠮ ᠤᠨ | ᠪᠠᠲᠤᠯᠠᠭ᠎ᠠ ᠶᠢᠨ ᠠᠪᠤᠷᠠᠨ ᠲᠤᠰᠠᠯᠠᠬᠤ᠂ ᠰᠠᠭᠤᠷᠢ ᠦᠶᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠪᠠ ᠦᠨᠳᠦᠰᠦᠨ ᠦᠶᠯᠡᠴᠢᠯᠡᠭᠡᠨ ᠤ ᠵᠠᠷᠤᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠭᠤᠷᠪᠠ ᠳᠤ ᠬᠢᠨᠠᠯᠲᠠ ᠲᠠᠯᠪᠢᠵᠤ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠤᠲᠠ ᠪᠣᠯᠤᠨ | ᠬᠤᠰᠢᠭᠤ ᠰᠢᠶᠠᠨ ᠬᠤᠲᠠ ᠲᠣᠭᠤᠷᠢᠭ ᠤᠨ ᠵᠡᠮᠳᠡᠭᠴᠦᠳ ᠤᠨ ᠠᠵᠢᠯ ᠤᠨ ᠵᠥᠪᠯᠡᠯ ᠨᠢ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠵᠢᠯ ᠤᠨ ᠬᠢᠨᠠᠨ ᠬᠡᠮᠵᠢᠯᠲᠠ | ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠠ ᠪᠠ ᠳ᠋ᠦᠩᠨᠡᠨ ᠦᠨᠡᠯᠡᠨ ᠵᠢᠱᠢᠬᠦ ᠶᠢ ᠴᠠᠭ ᠲᠤᠨᠢ ᠳᠣᠭᠢᠷᠠᠭᠤᠯᠤᠨ | ᠬᠢᠵᠦ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠂ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠴᠢᠩᠭᠠᠷᠠᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠬᠦ ᠪᠠ ᠰᠢᠶᠳᠪᠦᠷᠢᠯᠡᠬᠦ ᠬᠡᠷᠡᠭᠲᠡᠶ᠃ | | | | |