ᠨᠢᠭᠡ᠂ ︽ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠦᠨᠳᠦᠰᠦᠯᠡᠯ ᠪᠠ ᠠᠬᠤᠶ ᠪᠠᠶᠢᠳᠠᠯ | 2022 ᠣᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠭᠤᠷᠪᠠᠳᠤᠭᠠᠷ ᠤᠳᠠᠭᠠᠨ ᠤ ᠲᠤᠰᠬᠠᠶ | ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ | ᠬᠤᠲᠠ ᠶᠢᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢ | ᠬᠠᠷᠭᠤᠭᠤᠯᠬᠤ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ | ᠠᠬᠢᠭᠤᠯᠵᠤ᠂ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠵᠤ ᠨᠤᠲᠠᠯᠠᠬᠤ ᠠᠷᠭ᠎ᠠ︾ | ︵ᠠᠷᠠᠳ ᠲᠠᠷᠬᠠᠭᠠᠭᠰᠠᠨ ﹇2021﹈ 57 ᠳ᠋ᠤᠭᠠᠷ ᠲᠣᠭᠠᠲᠤ︶ ᠪᠣᠯᠤᠨ ︽ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠷᠭ᠎ᠠ ᠶᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 73 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ | ᠣᠷᠳᠣᠨ ︽ᠤᠯᠠᠭᠠᠨᠴᠠᠪ ᠬᠤᠲᠠ ᠶᠢᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠮᠡᠳᠡᠭᠡ ᠵᠠᠩᠭᠢ ᠶᠢ ᠬᠠᠷᠭᠤᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠂ ᠡᠭᠦᠨ ᠢ ︽ | ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ᠃ | ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ︽ᠬᠡᠷᠡᠭᠵᠢᠭᠦᠯᠬᠦ ᠲᠥᠰᠦᠯ︾ ᠢ | ᠲᠤᠭᠤᠷᠪᠢᠵᠤ᠂ ᠡᠬᠡ ᠨᠣᠤᠷᠠᠭ ᠢ ᠲᠤᠭᠤᠷᠪᠢᠭᠰᠠᠨ ᠤ ᠳᠠᠷᠠᠭ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠰᠠᠨᠠᠯ ᠢ ᠥᠷᠭᠡᠨ ᠢᠶᠠᠷ ᠬᠤᠷᠢᠶᠠᠵᠤ ᠣᠯᠠᠨ ᠤᠳᠠᠭ᠎ᠠ ᠵᠠᠰᠠᠪᠤᠷᠢ ᠣᠷᠣᠭᠤᠯᠤᠭᠰᠠᠨ ᠪᠥᠭᠡᠳ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ ᠪᠠᠷ ᠳᠠᠮᠵᠢᠭᠤᠯᠤᠨ ᠬᠠᠤᠯᠢ ᠶᠣᠰᠣᠨ ᠤ ᠬᠢᠨᠠᠨ ᠪᠠᠶᠢᠴᠠᠭᠠᠯᠲᠠ ᠶᠢᠨ ᠰᠠᠨᠠᠯ ᠭᠠᠷᠭᠠᠵᠤ᠂ | ᠬᠠᠮᠤᠭ ᠤᠨ ᠰᠡᠭᠦᠯ ᠳᠤ ᠬᠤᠲᠠ ᠶᠢᠨ ᠵᠠᠰᠠᠭ ᠤᠨ ᠣᠷᠳᠣᠨ ᠢᠶᠠᠷ ᠬᠢᠨᠠᠨ ᠶᠠᠷᠢᠯᠴᠠᠭᠤᠯᠵᠤ ᠪᠠᠲᠤᠯᠠᠭᠤᠯᠤᠭᠰᠠᠨ ᠤ | ᠳᠠᠷᠠᠭ᠎ᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ᠪᠠᠶᠢᠨ᠎ᠠ᠃ | ᠬᠤᠶᠠᠷ᠂ ︽ᠬᠡᠷᠡᠭᠵᠢᠭᠦᠯᠬᠦ ᠲᠥᠰᠦᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠲᠥᠰᠦᠯ︾ ᠢ ᠨᠡᠶᠢᠲᠡ ᠭᠤᠷᠪᠠᠨ ᠬᠡᠰᠡᠭ ᠲᠤ ᠬᠤᠪᠢᠶᠠᠨ᠎ᠠ᠄ | ᠨᠢᠭᠡᠳᠦᠭᠡᠷ ᠬᠡᠰᠡᠭ᠂ ᠠᠵᠢᠯ ᠤᠨ ᠬᠠᠷᠠᠯᠲᠠ᠃ ︽ᠬᠡᠷᠡᠭᠵᠢᠭᠦᠯᠬᠦ ᠲᠥᠰᠦᠯ︾ ᠢ ᠬᠡᠷᠡᠭᠵᠢᠭᠦᠯᠬᠦ ᠭᠤᠤᠯ ᠠᠷᠭ᠎ᠠ | ᠵᠢᠴᠢ ᠬᠠᠷᠠᠯᠲᠠ ᠶᠢ ᠲᠣᠳᠣᠷᠬᠠᠶ ᠲᠣᠭᠲᠠᠭᠠᠪᠠ᠃ | ᠬᠤᠶᠠᠳᠤᠭᠠᠷ ᠬᠡᠰᠡᠭ ᠲᠤ᠂ ᠬᠠᠷᠭᠤᠭᠤᠯᠬᠤ ᠡᠲᠡᠭᠡᠳ᠂ ᠬᠠᠷᠭᠤᠭᠤᠯᠬᠤ ᠠᠭᠤᠯᠭ᠎ᠠ᠂ ᠬᠠᠷᠭᠤᠭᠤᠯᠬᠤ ᠠᠷᠭ᠎ᠠ | ᠮᠠᠶ᠋ᠢᠭ᠂ ᠬᠠᠷᠭᠤᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠪᠠ᠃ | ᠭᠤᠷᠪᠠᠳᠤᠭᠠᠷ ᠬᠡᠰᠡᠭ ᠲᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢᠨ ᠬᠠᠮᠲᠤ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠲᠤ ᠵᠣᠬᠢᠴᠠᠩᠭᠤᠶ ᠲᠤᠰᠬᠠᠶ ᠠᠩᠭᠢ ᠪᠠᠶᠢᠭᠤᠯᠵᠤ᠂ ᠲᠣᠰ ᠬᠤᠰᠢᠭᠤ ᠰᠢᠶᠠᠨ | ᠬᠤᠲᠠ ᠲᠣᠭᠤᠷᠢᠭ ᠤᠨ ᠬᠠᠷᠭᠤᠭᠤᠯᠤᠨ ᠪᠠᠶᠢᠴᠠᠭᠠᠬᠤ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ | ᠰᠢᠶᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠳᠥᠷᠪᠡᠳᠦᠭᠡᠷ ᠬᠡᠰᠡᠭ᠂ ᠠᠵᠢᠯ ᠤᠨ ᠱᠠᠭᠠᠷᠳᠠᠯᠭ᠎ᠠ᠃ ︽ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ | ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠃ ᠨᠢᠭᠡ ᠳᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠵᠢᠴᠢ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠶᠠᠷ ᠲᠤ᠂ | ᠠᠮᠤᠷ ᠲᠦᠪᠰᠢᠨ ᠤ ᠲᠣᠭᠲᠠᠴᠠ ᠶᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠶᠢ | ᠴᠢᠩᠳᠠᠯᠠᠨ᠎ᠠ᠃ ᠭᠤᠷᠪᠠ ᠳᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ | ᠭᠤᠷᠪᠠ᠂ ︽ᠬᠡᠷᠡᠭᠵᠢᠭᠦᠯᠬᠦ ᠲᠥᠰᠦᠯ︾ ᠤᠨ ᠠᠴᠢ ᠬᠤᠯᠪᠣᠭᠳᠠᠯ | ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠨᠢ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ ᠢ ᠢᠯᠭᠠᠨ ᠲᠠᠨᠢᠬᠤ ᠣᠨᠣᠪᠴᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠠᠪᠤᠷᠠᠨ ᠲᠤᠰᠠᠯᠠᠬᠤ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ | ᠠᠪᠤᠷᠠᠨ ᠲᠤᠰᠠᠯᠠᠬᠤ ᠲᠦᠷᠢᠮ ᠤᠨ ᠬᠡᠷᠡᠭᠵᠢᠭᠦᠯᠦᠯᠲᠡ ᠶᠢᠨ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ | ᠦᠨᠡᠨ ᠬᠦ ᠪᠠᠲᠤᠯᠠᠬᠤ ᠳᠤ ᠠᠰᠢᠭᠲᠠᠶ ᠶᠤᠮ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠬᠤ ᠲᠤᠰᠬᠠᠶ ᠠᠩᠭᠢ ᠶᠢᠨ ᠪᠠᠶᠢᠭᠤᠯᠤᠭᠳᠠᠬᠤ ᠶᠢ ᠯᠠᠪᠳᠠᠭᠤᠨ ᠪᠠᠲᠤᠲᠠᠢ ᠠᠬᠢᠭᠤᠯᠵᠤ | ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠮᠡᠳᠡᠭᠡ ᠵᠠᠩᠭᠢ ᠶᠢᠨ | ᠰᠢᠰᠲ᠋ᠧᠮ ᠢᠶᠠᠷ ᠬᠠᠷᠭᠤᠭᠤᠯᠬᠤ ᠠᠷᠭ᠎ᠠ ᠮᠠᠶ᠋ᠢᠭ ᠢ ᠬᠡᠷᠡᠭᠯᠡᠨ᠂ ᠬᠠᠷᠭᠤᠭᠤᠯᠬᠤ ᠡᠲᠡᠭᠡᠳ ᠤᠨ ᠬᠠᠮᠢᠶ᠎ᠠ ᠪᠥᠬᠦᠶ ᠮᠡᠳᠡᠭᠡ | ᠵᠠᠩᠭᠢ ᠶᠢ ᠪᠥᠬᠦ ᠲᠠᠯ᠎ᠠ ᠪᠠᠷ ᠬᠢᠨᠠᠨ ᠬᠠᠷᠭᠤᠭᠤᠯᠵᠤ ᠬᠢᠨᠠᠨ ᠲᠣᠭᠲᠠᠭᠠᠬᠤ ᠪᠣᠯ ᠨᠡᠶᠢᠭᠡᠮ ᠤᠨ ᠠᠪᠤᠷᠠᠨ ᠲᠤᠰᠠᠯᠠᠬᠤ | ᠬᠠᠮᠢᠶᠠᠷᠤᠯᠲᠠ ᠶᠢ ᠬᠤᠪᠢᠷᠠᠭᠤᠯᠬᠤ᠂ ᠠᠪᠤᠷᠠᠨ ᠲᠤᠰᠠᠯᠠᠬᠤ ᠶᠢ ᠬᠠᠤᠯᠢ ᠶᠣᠰᠣᠭᠠᠷ ᠨᠠᠷᠢᠯᠢᠭ ᠣᠨᠣᠴᠠᠲᠠᠶ ᠪᠠᠷ | ᠬᠡᠷᠡᠭᠵᠢᠭᠦᠯᠬᠦ᠂ ᠠᠪᠤᠷᠠᠨ ᠲᠤᠰᠠᠯᠠᠬᠤ ᠡᠲᠡᠭᠡᠳ ᠢ ᠣᠨᠣᠪᠴᠢᠲᠠᠶ ᠮᠠᠭᠠᠳᠯᠠᠨ ᠲᠣᠭᠲᠠᠭᠠᠬᠤ ᠵᠠᠷᠭᠡ ᠶᠢᠨ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠪᠠᠶᠢᠵᠤ᠂ ᠠᠷᠠᠳ ᠤᠨ ᠠᠮᠢᠳᠤᠷᠠᠯ ᠤᠨ ᠦᠶᠯᠡᠰ ᠢ ᠪᠠᠲᠤᠯᠠᠨ ᠰᠠᠶᠢᠵᠢᠷᠠᠭᠤᠯᠬᠤ ᠳᠤᠮᠳᠠᠬᠢ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠴᠢᠬᠤᠯᠠ ᠦᠶᠯᠡᠳᠦᠯ ᠢ ᠭᠦᠶᠴᠡᠳ | ᠪᠠᠳᠠᠷᠠᠭᠤᠯᠤᠨ᠎ᠠ᠃ | | |