ᠮᠠᠨ ᠤ ᠬᠤᠲᠠ ᠶᠢᠨ 44 ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠰᠢᠨ᠎ᠡ ᠶᠢ ᠡᠭᠦᠳᠬᠦ ᠪᠠ ᠦᠢᠯᠡᠰ  ᠪᠤᠰᠬᠠᠬᠤ ᠭᠠᠷᠠᠭ ᠲᠤ ᠢᠯᠡᠷᠡᠪᠡ
ᠨᠡᠶᠢᠲᠡᠯᠡᠭᠰᠡᠨ ᠴᠠᠭ᠄
2022/9/6
                         ᠵᠧᠦ ᠸᠧᠢ ᠪᠢᠩ ᠰᠡᠭᠦᠳᠡᠷᠯᠡᠪᠡ     9 ᠳ᠋ᠤᠭᠡᠷ ᠰᠠᠷ᠎ᠠ ᠶᠢᠨ 3 ᠤ ᠡᠳᠦᠷ᠂ ᠮᠠᠨ ᠤ ᠬᠤᠲᠠ ᠶᠢᠨ 44 ᠠᠵᠤ ᠠᠬᠤᠶᠢᠯᠠᠯ ᠤᠨ 110 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠠᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠤᠳᠤ ᠪᠢᠯᠢᠭᠳᠡᠨ︾ ᠤ ᠳᠡᠭᠡᠳᠦ ᠲᠠᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠪᠤᠰᠬᠠᠬᠤ ᠭᠠᠷᠠᠭ ᠤᠨ ᠤᠯᠠᠭᠠᠨᠴᠠᠪ ᠤᠨ ᠬᠤᠪᠢᠶᠠᠷᠢ ᠬᠤᠷᠠᠯ ᠤᠨ ᠲᠠᠯᠠᠪᠠᠶ ᠳᠤ ᠢᠯᠡᠷᠡᠪᠡ᠃ ᠲᠤᠬᠠᠢ ᠶᠢᠨ ᠲᠠᠯᠠᠪᠠᠢ ᠳᠤ ᠲᠥᠮᠥᠰᠥ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠨᠣᠬᠠᠢ ᠶᠢᠨ ᠬᠤᠰᠢᠭᠤ᠂ ᠡᠯᠳᠡᠪ ᠠᠮᠤ ᠡᠯᠳᠡᠪ ᠪᠤᠷᠴᠠᠭ᠂ ᠦᠬᠡᠷ ᠬᠤᠨᠢ᠂ ᠠᠮᠢᠳᠤ ᠭᠠᠭ᠋ᠠᠢ ᠵᠡᠷᠭᠡ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠵᠢᠴᠢ ᠪᠠᠯ ᠴᠢᠯᠠᠭᠤᠨ ᠨᠡᠭᠦᠷᠡᠰᠦ ︵ᠠᠯᠺᠥᠨ︶᠂ ᠰᠢᠨ᠎ᠡ ᠡᠨᠧᠷᠭᠢ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ︵ᠲᠣᠮᠣ ᠳ᠋ᠠᠶᠢᠲ᠋ᠠ︶᠂ ᠰᠢᠨ᠎ᠡ ᠮᠠᠲ᠋ᠧᠷᠢᠶᠠᠯ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠠᠮᠢᠳᠤ ᠪᠣᠳᠠᠰ ᠤᠨ ᠮᠡᠷᠭᠡᠵᠢᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠠᠬᠢ ᠰᠢᠨ᠎ᠡ ᠶᠢ ᠡᠭᠦᠳᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠪᠡ᠃                                      ᠵᠤᠬᠢᠶᠠᠭᠴᠢ᠄ ᠯᠢ ᠵᠢᠩ                                      ᠤᠷᠴᠢᠭᠤᠯᠤᠭᠴᠢ᠄ ᠬᠦᠰᠡᠯ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2