ᠪᠥᠬᠦ ᠬᠤᠲᠠ ᠶᠢᠨ 2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2022/9/6
    9 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ 2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠢᠨᠢᠩ ᠲᠣᠭᠤᠷᠢᠭ ᠤᠨ ᠲᠥᠪ ᠲᠠᠯᠠᠪᠠᠶ ᠳᠤ ᠡᠬᠢᠯᠡᠪᠡ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠤᠸᠠᠢ ᠶᠠᠨ ᠮᠧᠶ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠠᠢ ᠶᠤᠸᠠᠢ ᠠᠵᠢᠯᠯᠠᠭ᠎ᠠ ᠳᠤ ᠣᠷᠣᠯᠴᠠᠪᠠ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠬᠡᠯᠪᠡᠷᠢ ᠪᠠᠷ ᠳᠠᠮᠵᠢᠭᠤᠯᠤᠨ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ︽ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠪᠠ ᠠᠮᠤᠷ ᠲᠦᠪᠰᠢᠨ ᠤ ᠬᠡᠷᠡᠭᠯᠡᠭᠡᠨ ᠤ ᠰᠦᠯᠵᠢᠶᠡᠨ ᠤ ᠮᠡᠳᠡᠯᠭᠡ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠵᠡᠷᠭᠡ ᠠᠭᠤᠯᠭ᠎ᠠ ᠶᠢ ᠤᠬᠠᠭᠤᠯᠪᠠ᠃ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ ᠪᠣᠯᠣᠨ ᠬᠠᠯᠠᠭᠤᠨ ᠰᠡᠳᠬᠢᠯᠲᠦ ᠤᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠭᠠᠷ ᠤᠨ ᠦᠰᠦᠭ ᠵᠢᠷᠤᠬᠤ ᠬᠡᠷᠡᠮ ᠳᠡᠭᠡᠷ᠎ᠡ ᠭᠠᠷ ᠤᠨ ᠦᠰᠦᠭ ᠵᠢᠷᠤᠵᠤ᠂ ᠠᠮᠠᠷᠬᠠᠨ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠰᠦᠯᠵᠢᠶᠡᠨ ᠤ ᠮᠡᠬᠡᠯᠡᠯ ᠢ ᠡᠷᠡᠰ ᠬᠤᠷᠢᠭᠯᠠᠵᠤ᠂ ᠰᠦᠯᠵᠢᠶᠡᠨ ᠤ ᠠᠮᠤᠷ ᠲᠦᠪᠰᠢᠨ ᠢ ᠬᠠᠮᠲᠤᠪᠠᠷ ᠬᠠᠮᠠᠭᠠᠯᠠᠨ᠎ᠠ ᠭᠡᠵᠤ ᠠᠮᠠᠯᠠᠪᠠ᠃     ︽ᠰᠦᠯᠵᠢᠶ᠎ᠡ ᠨᠢᠭᠡᠨᠲᠡ ᠮᠠᠨ ᠤ ᠬᠥᠮᠥᠨ ᠨᠢᠭᠡᠪᠦᠷᠢ ᠶᠢᠨ ᠠᠮᠢᠳᠤᠷᠠᠯ ᠳᠤ ᠣᠷᠣᠵᠤ᠂ ᠮᠠᠨ ᠤ ᠠᠵᠢᠯ ᠠᠮᠢᠳᠤᠷᠠᠯ ᠲᠠᠢ ᠨᠢᠭᠲᠠ ᠬᠤᠯᠪᠣᠭ᠎ᠠ  ᠲᠠᠢ ᠪᠣᠯᠵᠠᠢ᠃ ᠡᠶᠢᠮᠦᠷᠬᠦᠦ ᠠᠵᠢᠯᠯᠠᠭ᠎ᠠ ᠨᠢ ᠣᠯᠠᠨ ᠤ ᠰᠦᠯᠵᠢᠶᠡᠨ ᠤ ᠠᠮᠤᠷ ᠲᠦᠪᠰᠢᠨ ᠢ ᠴᠢᠬᠤᠯᠠᠴᠢᠯᠠᠵᠤ᠂ ᠶᠡᠭᠡ ᠠᠴᠠ ᠠᠪᠤᠭᠠᠳ ᠤᠯᠤᠰ ᠣᠷᠣᠨ ᠤ ᠠᠮᠤᠷ ᠲᠦᠪᠰᠢᠨ᠂ ᠪᠠᠭ᠎ᠠ ᠠᠴᠠ ᠠᠪᠤᠭᠠᠳ ᠬᠤᠪᠢ ᠬᠥᠮᠥᠨ ᠤ ᠠᠮᠤᠷ ᠲᠦᠪᠰᠢᠨ ᠢ ᠪᠠᠲᠤᠯᠠᠵᠤ᠂ ᠣᠯᠠᠨ ᠢ ᠨᠡᠩ ᠣᠯᠠᠨ ᠲᠠᠨᠢᠯᠲᠠ ᠲᠠᠢ ᠪᠣᠯᠭᠠᠵᠤ᠂ ᠡᠭᠦᠨ ᠤ ᠤᠯᠠᠮ ᠠᠴᠠ ᠥᠪᠡᠷ ᠤᠨ ᠶᠠᠭᠠᠬᠢᠵᠤ ᠬᠢᠬᠦ᠂ ᠶᠠᠭᠤ ᠬᠢᠬᠦ ᠪᠠᠨ ᠪᠣᠳᠣᠯᠬᠢᠯᠠᠬᠤ ᠪᠣᠯᠭᠠᠵᠠᠢ᠃︾ ᠭᠡᠵᠦ ᠬᠤᠳᠠ ᠶᠢᠨ ᠠᠷᠠᠳ ᠵᠧᠩ ᠲᠦᠩ ᠯᠢᠨ ᠬᠡᠯᠡᠪᠡ᠃     ᠲᠤᠰ ᠤᠳᠠᠭᠠᠨ ᠤ ᠤᠬᠠᠭᠤᠯᠭ᠎ᠠ ᠶᠢᠨ ᠭᠠᠷᠠᠭ ᠨᠢ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠦᠯᠦᠬᠡ    ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠭᠡᠬᠦ ᠪᠠᠷ ᠭᠤᠤᠯ ᠰᠡᠳᠦᠪ ᠪᠤᠯᠭᠠᠵᠤ᠂ ᠡᠨᠡ ᠬᠤᠭᠤᠴᠠᠭᠠᠨ ᠳᠤ ︽ᠶᠦᠨ ᠬᠥ᠋ ᠬᠤᠨᠳᠠᠭᠠᠲᠤ︾ ᠰᠦᠯᠵᠢᠶᠡᠨ ᠤ ᠠᠮᠤᠷ ᠲᠦᠪᠰᠢᠨ ᠤ ᠤᠷᠤᠯᠳᠤᠭᠠᠨ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠲᠤᠰᠬᠠᠢ ᠰᠡᠳᠦᠪᠲᠦ ᠲᠠᠶᠢᠯᠤᠮᠵᠢ ᠵᠡᠷᠭᠡ ᠣᠯᠠᠨ ᠵᠦᠢᠯ ᠤᠨ ᠠᠵᠢᠯᠯᠠᠭ᠎ᠠ ᠥᠷᠨᠢᠭᠦᠯᠵᠦ᠂ ᠡᠭᠦᠨ ᠤ ᠬᠠᠮᠲᠤ 9 ᠰᠠᠷ᠎ᠠ ᠶᠢᠨ 6 ᠤ ᠡᠳᠦᠷ ᠠᠴᠠ 11 ᠤ ᠡᠳᠦᠷ ᠪᠣᠯᠲᠠᠯ᠎ᠠ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢᠵᠢᠯ ᠤᠨ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠤᠨ ᠭᠤᠣᠯ ᠰᠡᠳᠦᠪᠲᠦ ᠡᠳᠦᠷ ᠤᠨ ᠠᠵᠢᠯᠯᠠᠭ᠎ᠠ  ᠶᠢ ᠥᠷᠨᠢᠭᠦᠯᠵᠦ᠂ ᠪᠠᠶᠢᠭᠤᠯᠭ᠎ᠠ᠂ ᠠᠵᠤ ᠠᠬᠤᠶᠢᠯᠠᠯ᠂ ᠵᠠᠭᠤᠴᠢᠯᠠᠭᠤᠷ᠂ ᠶᠡᠭᠡ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠥᠷᠭᠡᠨ ᠤᠯᠠᠨ ᠲᠦᠮᠡᠨ ᠢ ᠲᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠪᠠ᠃     ᠠᠵᠢᠯᠯᠠᠭ᠎ᠠ ᠳᠤ ᠣᠷᠣᠯᠴᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠢᠯᠡᠷᠬᠡᠶᠢᠯᠡᠭᠰᠡᠨ ᠢᠶᠠᠷ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠨᠡ ᠵᠢᠯ ᠤᠨ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠦᠷᠭᠦᠯᠵᠢᠯᠡᠨ ᠭᠤᠣᠯᠳᠠᠯᠭ᠎ᠠ ᠶᠢᠨ ᠲᠣᠭᠤᠷᠢᠨ ᠳᠤ ᠬᠠᠷᠠᠯᠲᠠ ᠪᠠᠨ ᠴᠢᠩᠭ᠎ᠠ ᠠᠩᠬᠠᠷᠴᠤ᠂ ᠭᠤᠣᠯ ᠰᠡᠳᠦᠪ ᠢᠶᠠᠨ ᠲᠣᠪᠤᠶᠢᠯᠭᠠᠨ᠂ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠯ᠎ᠡ ᠵᠦᠢᠯ ᠤᠨ ᠠᠵᠢᠯᠯᠠᠭ᠎ᠠ ᠶᠢ ᠡᠮᠬᠢ ᠵᠢᠷᠤᠮ ᠲᠠᠢ ᠪᠥᠭᠡᠳ ᠬᠦᠴᠦᠲᠡᠢ ᠠᠬᠢᠭᠤᠯᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ᠂ ᠡᠬᠦᠯᠡᠨ ᠬᠦᠨᠳᠡᠢ ᠤᠯᠠᠭᠠᠨᠴᠠᠪ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ ᠭᠡᠵᠣ ᠢᠯᠡᠷᠬᠡᠶᠢᠯᠡᠪᠡ᠃                            ᠵᠣᠬᠢᠶᠠᠭᠴᠢ᠄ ᠶᠦᠨ ᠨᠠ                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2