ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/7
   9 ᠰᠠᠷ᠎ᠠ ᠶᠢᠨ 5 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠬᠤᠳᠠ ᠶᠢᠨ ᠵᠠᠰᠠᠭ ᠤᠨ ᠣᠷᠳᠣᠨ ᠤ 2022 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2022 ᠣᠨ ᠤ 4 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠦᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ︽ᠤᠯᠠᠭᠠᠨᠴᠠᠪ ᠬᠤᠳᠠ ᠶᠢᠨ ᠤᠯᠤᠰ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠱᠠᠯᠠᠪᠳᠠᠭᠤᠯᠵᠤ᠂ ᠤᠯᠠᠨ ᠠᠷᠭ᠎ᠠ ᠬᠡᠮᠵᠢᠶ᠎ᠡ ᠪᠠᠷ ᠨᠡᠭᠦᠷᠡᠰᠦᠨ ᠤ ᠪᠤᠰᠤ ᠠᠭᠤᠷᠬᠠᠢ ᠶᠢ ᠬᠢᠨᠠᠨ ᠬᠠᠮᠢᠶᠠᠷᠴᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠤᠯᠠᠭᠠᠨᠴᠠᠪ ᠲᠤ ᠬᠤᠯᠪᠣᠭᠳᠠᠬᠤ ᠭᠤᠣᠯᠳᠠᠯᠭ᠎ᠠ ᠲᠠᠢ ᠡᠭᠦᠷᠭᠡ ᠪᠣᠯᠤᠨ ᠴᠢᠬᠤᠯᠠ ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠯᠡᠬᠦ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠪᠥᠲᠥᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠠᠶ᠋ᠢᠬᠠᠨ ᠠᠵᠢᠯ ᠳᠤ ᠣᠷᠣᠭᠰᠠᠳ᠂ ᠵᠠᠯᠠᠭᠤᠴᠤᠳ ᠵᠡᠷᠭᠡ ᠬᠥᠮᠦᠰ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠬᠦ ᠬᠡᠷᠡᠭᠲᠡᠶ᠃ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢ ᠬᠥᠳᠡᠭᠡ ᠠᠵᠤ ᠠᠬᠤᠢ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠢᠨᠵᠧᠨᠧᠷᠢᠩ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠪᠠᠨ ᠰᠢᠨ᠎ᠡ ᠶᠢ ᠡᠭᠦᠳᠬᠦ ᠭᠤᠣᠯ ᠴᠣᠭᠴᠠ ᠶᠢ ᠢᠳᠡᠪᠬᠢᠲᠡᠢ ᠪᠤᠶᠢᠵᠢᠭᠤᠯᠵᠤ᠂ ᠮᠠᠨ ᠤ ᠬᠤᠳᠠ ᠶᠢᠨ ᠴᠢᠳᠠᠪᠤᠷᠢᠲᠠᠨ ᠢ ᠬᠥᠮᠦᠵᠢᠭᠦᠯᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠬᠤᠳᠠ ᠶᠢᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2