| ᠨᠠᠢᠮᠠᠨ ᠰᠠᠷ᠎ᠠ ᠶᠢᠨ ᠠᠷᠪᠠᠨ ᠳᠠᠪᠤᠨ ᠤ ᠪᠠᠶᠠᠷ᠂ ᠤᠯᠤᠰ ᠤᠨ ᠪᠠᠶᠠᠷ ᠪᠣᠯᠬᠤ ᠭᠡᠵᠦ ᠪᠠᠶᠢᠭ᠎ᠠ ᠨᠢ ᠠᠮᠤᠷ | ᠲᠦᠪᠰᠢᠨ ᠪᠥᠭᠡᠳ ᠡᠮᠬᠢ ᠳᠢᠭᠯᠢᠮ ᠲᠠᠢ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ | ᠪᠣᠯᠭᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠬᠤ ᠶᠢᠨ ᠲᠥᠯᠥᠭᠡ ᠶᠤᠮ᠃ | ᠢᠯᠠᠩᠭᠤᠶ᠎ᠠ ᠤᠯᠠᠮᠵᠢᠯᠠᠯᠲᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠩ | ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ | ᠵᠣᠬᠢᠶᠠᠨ ᠪᠠᠶᠢᠭᠤᠯᠵᠤ᠂ ᠪᠥᠬᠦ ᠰᠢᠶᠠᠨ ᠤ ᠶᠧᠪᠡᠩ ᠪᠣᠷᠣᠯᠠᠭᠤᠯᠬᠤ ᠡᠵᠡᠩᠨᠡᠯᠲᠡ ᠶᠢᠨ ᠠᠵᠤ ᠠᠬᠤᠶᠢᠯᠠᠯ ᠳᠤ ᠨᠠᠢᠮᠠᠨ | ᠰᠠᠷ᠎ᠠ ᠶᠢᠨ ᠠᠷᠪᠠᠨ ᠲᠠᠪᠤᠨ ᠤ ᠪᠠᠶᠠᠷ ᠠᠴᠠ ᠡᠮᠦᠨᠡᠬᠢ ᠲᠤᠰᠬᠠᠢ ᠵᠦᠢᠯ ᠤᠨ ᠪᠠᠶᠢᠴᠠᠭᠠᠯᠲᠠ ᠶᠢ ᠥᠷᠨᠢᠭᠦᠯᠪᠡ᠃ | ᠲᠤᠰ ᠤᠳᠠᠭᠠᠨ ᠤ ᠪᠠᠶᠢᠴᠠᠭᠠᠯᠲᠠ ᠳᠤ ᠢᠳᠡᠭᠡᠨ ᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠳᠡᠯᠭᠡᠭᠦᠷ᠂ ᠲᠣᠮᠣ ᠳᠤᠮᠳᠠ ᠬᠡᠯᠪᠡᠷᠢ ᠶᠢᠨ ᠬᠡᠳᠦ ᠳᠡᠯᠭᠡᠭᠦᠷ ᠵᠡᠷᠭᠡ ᠪᠠᠷ ᠭᠤᠣᠯᠳᠠᠯᠭ᠎ᠠ ᠪᠣᠯᠭᠠᠵᠤ᠂ ᠭᠤᠣᠯᠳᠠᠭᠤ | ᠶᠧᠪᠡᠩ ᠤᠨ ᠭᠠᠳᠠᠭᠤᠷ ᠪᠣᠭᠤᠳᠠᠯᠯᠠᠵᠤ ᠪᠠᠶᠢᠭ᠎ᠠ ᠦᠢᠯᠡᠳᠪᠦᠷᠢᠯᠡᠯ ᠤᠨ ᠦᠢᠯᠡᠳᠪᠦᠷᠢ᠂ ᠦᠢᠯᠡᠳᠪᠦᠷᠢ ᠶᠢᠨ ᠬᠠᠶ᠋ᠢᠭ᠂ | ᠴᠢᠨᠠᠷ ᠢ ᠪᠠᠲᠤᠯᠠᠬᠤ ᠬᠤᠭᠤᠴᠠᠭ᠎ᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠭᠡ ᠨᠢ ᠤᠯᠤᠰ ᠤᠨ | ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ | ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠬᠤᠭᠤᠴᠠᠭ᠎ᠠ ᠨᠢ ᠥᠩᠭᠡᠷᠡᠭᠡᠳ ᠸᠠᠯᠠᠭᠰᠠᠨ ᠪᠠᠶᠢᠳᠠᠯ | ᠣᠷᠣᠰᠢᠵᠤ ᠪᠠᠶᠢᠬᠤ ᠡᠰᠡᠬᠦ᠂ ᠵᠢᠴᠢ ᠲᠠᠸᠠᠷ ᠲᠤ ᠵᠠᠰᠠᠭ ᠤᠨ ᠣᠷᠳᠣᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠭᠰᠡᠨ ᠡᠰᠡᠬᠦ᠂ ᠲᠠᠸᠠᠷ ᠤᠨ | ᠪᠦᠲᠦᠭᠡᠭᠳᠡᠬᠦᠨ ᠤ ᠨᠡᠷ᠎ᠡ᠂ ᠦᠨ᠎ᠡ ᠬᠠᠩᠰᠢ ᠪᠠ ᠦᠨ᠎ᠡ ᠪᠤᠳᠤᠬᠤ ᠨᠢᠭᠡᠴᠢ ᠶᠢ ᠲᠣᠳᠣᠷᠬᠠᠶᠢᠯᠠᠭᠰᠠᠨ ᠡᠰᠡᠬᠦ ᠶᠢ | ᠪᠠᠶᠢᠴᠠᠭᠠᠪᠡ᠃ ᠡᠭᠦᠨ ᠳᠤ ᠭᠤᠣᠯᠳᠠᠭᠤ ᠶᠧᠪᠡᠩ ᠤᠨ ᠭᠠᠳᠠᠨ᠎ᠠ ᠪᠣᠭᠤᠳᠠᠯᠯᠠᠵᠤ ᠪᠠᠶᠢᠭ᠎ᠠ ᠦᠢᠯᠡᠳᠪᠦᠷᠢ᠂ | ᠦᠢᠯᠡᠳᠪᠦᠷᠢ ᠶᠢᠨ ᠬᠠᠶ᠋ᠢᠭ᠂ ᠴᠢᠨᠠᠷ ᠢ ᠪᠠᠲᠤᠯᠠᠬᠤ ᠬᠤᠭᠤᠴᠠᠭ᠎ᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠭᠡ | ᠨᠢ ᠤᠯᠤᠰ ᠤᠨ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ ᠲᠠᠸᠠᠷ ᠤᠨ ᠨᠡᠷ᠎ᠡ᠂ ᠦᠨ᠎ᠡ ᠬᠠᠩᠰᠢ ᠪᠠ ᠦᠨ᠎ᠡ | ᠪᠤᠳᠤᠬᠤ ᠨᠢᠭᠡᠴᠢ ᠶᠢ ᠲᠣᠳᠣᠷᠬᠠᠶᠢᠯᠠᠭᠰᠠᠨ ᠡᠰᠡᠬᠦ ᠶᠢ ᠪᠠᠶᠢᠴᠠᠭᠠᠪᠡ᠃ ᠲᠣᠰ ᠤᠳᠠᠭᠠᠨ ᠤ ᠲᠤᠰᠬᠠᠢ | ᠪᠠᠶᠢᠴᠠᠭᠠᠯᠲᠠ ᠪᠠᠷ ᠳᠡᠮᠵᠢᠨ᠂ ᠵᠠᠮ ᠮᠥᠷ ᠨᠢ ᠲᠣᠳᠣᠷᠬᠠᠢ ᠦᠭᠡᠢ ᠶᠧᠪᠡᠩ ᠤᠨ ᠵᠠᠬ᠎ᠠ ᠳᠡᠯᠭᠡᠭᠦᠷ ᠲᠤ ᠣᠷᠣᠬᠤ ᠶᠢ | ᠰᠡᠷᠭᠡᠶᠢᠯᠡᠵᠦ᠂ ᠶᠧᠪᠡᠩ ᠤᠨ ᠥᠭᠰᠥᠨ ᠨᠡᠬᠡᠮᠵᠢᠯᠡᠵᠦ ᠪᠣᠯᠬᠤ ᠬᠠᠮᠢᠶᠠᠷᠤᠯᠲᠠ ᠶᠢ ᠦᠨᠡᠨ ᠬᠦ ᠪᠠᠲᠤᠯᠠᠪᠡ᠃ ᠣᠲᠣ | ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 35 ᠬᠥᠮᠥᠨ ᠤᠳᠠᠭ᠎ᠠ ᠬᠥᠳᠡᠯᠭᠡᠵᠦ᠂ ᠬᠠᠤᠯᠢ | ᠬᠡᠷᠡᠭᠵᠢᠭᠦᠯᠬᠦ ᠲᠡᠷᠭᠡ ᠶᠢ 6 ᠤᠳᠠᠭ᠎ᠠ ᠬᠥᠳᠡᠯᠭᠡᠵᠦ᠂ ᠶᠧᠪᠡᠩ ᠤᠨ ᠪᠣᠷᠤᠯᠠᠭᠤᠯᠭ᠎ᠠ ᠡᠵᠡᠩᠨᠡᠯᠲᠡ ᠶᠢᠨ ᠨᠢᠭᠡᠴᠢ ᠶᠢ 6 | ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠣᠯᠵᠤ ᠮᠡᠳᠡᠭᠰᠡᠨ ᠦᠭᠡᠢ᠃ | ᠲᠠᠷᠠᠭᠠᠴᠢ ᠶᠢᠨ ᠠᠯᠬᠤᠮ ᠳᠤ᠂ ︽ᠬᠤᠣᠰ ᠪᠠᠶᠠᠷ︾ ᠠᠴᠠ ᠡᠮᠦᠨᠡᠬᠢ ᠢᠳᠡᠭᠡᠨ ᠤ ᠵᠦᠢᠯ ᠢ ᠡᠵᠡᠩᠨᠡᠨ | ᠪᠣᠷᠣᠯᠠᠭᠤᠯᠬᠤ ᠠᠵᠤ ᠠᠬᠤᠶᠢᠯᠠᠯ ᠤᠨ ᠪᠠᠶᠢᠴᠠᠭᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠢᠳᠡᠭᠡᠨ ᠤ | ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠢᠳᠡᠭᠡᠨ ᠤ ᠵᠦᠢᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠰᠡᠷᠭᠡᠶᠢᠯᠡᠨ | ᠴᠢᠩᠭ᠎ᠠ ᠬᠠᠮᠢᠶᠠᠷᠴᠤ ᠴᠢᠩᠭ᠎ᠠ ᠬᠢᠵᠠᠭᠠᠷᠯᠠᠵᠤ᠂ ᠪᠥᠬᠦ ᠰᠢᠶᠠᠨ ᠤ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ | ᠲᠦᠪᠰᠢᠨ ᠢ ᠦᠨᠡᠨ ᠬᠦ ᠪᠠᠲᠤᠯᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |