| ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠦᠯᠦᠬᠡ᠂ ᠬᠤᠸᠠᠳᠧ ᠶᠢᠨ ᠵᠡᠮᠳᠡᠭᠴᠦᠳ ᠤᠨ | ᠬᠤᠯᠪᠣᠭ᠎ᠠ ︽ᠬᠠᠶᠢᠷ᠎ᠠ ᠪᠠᠷ ᠤᠮᠳᠠᠯᠠᠬᠤ︾ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢᠶᠠᠷ ᠳᠠᠮᠵᠢᠭᠤᠯᠵᠤ᠂ | ᠬᠦᠴᠢᠷᠳᠡᠯᠲᠡᠢ ᠵᠡᠮᠳᠡᠭᠴᠦᠳ ᠵᠢᠴᠢ ᠭᠡᠷ ᠪᠦᠯᠢ ᠶᠢᠨ ᠬᠢᠨ᠂ ᠵᠡᠮᠳᠡᠭᠴᠦᠳ ᠤᠨ ᠠᠵᠢᠯᠲᠠᠨ᠂ ᠬᠢᠵᠢᠭ ᠤᠨ | ᠬᠤᠭᠤᠴᠠᠭᠠᠨ ᠳᠠᠬᠢ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ ᠵᠢᠴᠢ ᠬᠤᠸᠠᠳᠧ | ᠰᠢᠶᠠᠨ ᠤ ᠵᠡᠮᠳᠡᠭᠴᠦᠳ ᠤᠨ ᠠᠵᠢᠯ ᠢ ᠳᠡᠮᠵᠢᠬᠦ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠣᠨ ᠬᠠᠶᠢᠷ᠎ᠠ | ᠬᠠᠯᠠᠮᠵᠢ ᠶᠢᠨ ᠬᠥᠮᠥᠰ ᠲᠤ ᠺᠣᠷᠢᠶᠠ ᠶᠢᠨ LG ᠶᠢᠨ ᠠᠮᠢᠳᠤᠷᠠᠯ ᠤᠨ ᠡᠷᠡᠭᠦᠯ ᠡᠩᠬᠡ ᠶᠢᠨ ᠡᠳᠦᠷ ᠲᠤᠳᠤᠮ ᠤᠨ | ᠬᠡᠷᠡᠭᠯᠡᠭᠡᠨ ᠤ ᠡᠳ᠋ ᠢ ᠬᠦᠷᠭᠡᠵᠦ᠂ ᠨᠡᠶᠢᠭᠡᠮ ᠤᠨ ᠬᠠᠶᠢᠷ᠎ᠠ ᠬᠠᠯᠠᠮᠵᠢ ᠪᠠᠷ ᠵᠡᠮᠳᠡᠭ ᠬᠥᠮᠥᠨ ᠪᠣᠯᠣᠨ ᠵᠡᠮᠳᠡᠭᠴᠦᠳ ᠤᠨ | ᠠᠵᠢᠯᠲᠠᠨ ᠨᠢᠭᠡᠪᠦᠷᠢ ᠶᠢᠨ ᠰᠡᠳᠬᠢᠯ ᠢ ᠤᠮᠳᠠᠯᠠᠪᠠ᠃ | ᠲᠦᠷᠦᠭᠦᠬᠡᠨ᠂ ᠵᠡᠮᠳᠡᠭᠴᠦᠳ ᠤᠨ ᠬᠤᠯᠪᠣᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠨᠠᠷ ᠲᠠᠪᠤᠭᠤᠯᠠ | ᠰᠢᠶᠠᠩ ᠬᠤᠸᠠ ᠠᠰᠠᠷᠠᠮᠵᠢ ᠶᠢᠨ ᠬᠤᠪᠴᠠᠰᠤᠨ ᠤ ᠦᠢᠯᠡᠳᠪᠦᠷᠢ ᠪᠣᠯᠣᠨ ᠬᠤᠩ ᠶᠤᠸᠠᠢ ᠣᠲᠣ ᠦᠶ᠎ᠡ ᠶᠢᠨ ᠠᠵᠤ | ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠵᠡᠮᠳᠡᠭ ᠠᠵᠢᠯᠲᠠᠨ ᠠᠵᠢᠯᠴᠢᠨ ᠤ ᠠᠵᠢᠯ ᠢᠶᠠᠨ ᠰᠡᠷᠭᠦᠭᠡᠭᠰᠡᠨ | ᠪᠠᠶᠢᠳᠠᠯ ᠢ ᠨᠠᠷᠢᠨ ᠣᠶᠢᠯᠠᠭᠠᠪᠠ᠃ ᠬᠡᠷᠡᠭ ᠡᠷᠬᠢᠯᠡᠭᠴᠢᠳ ᠤᠨ ᠳᠠᠷᠤᠭ᠎ᠠ ᠵᠡᠮᠳᠡᠭᠴᠦᠳ ᠤᠨ ᠦᠨᠳᠦᠰᠦᠨ | ᠠᠮᠢᠳᠤᠷᠠᠯ ᠤᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠬᠠᠯᠠᠮᠵᠢᠯᠠᠨ ᠠᠰᠠᠭᠤᠬᠤ ᠶᠢᠨ ᠬᠠᠮᠲᠤ | ᠲᠡᠳᠡᠨ ᠢ ᠢᠳᠡᠪᠬᠢᠲᠡᠢ ᠪᠠᠶᠠᠰᠤᠩᠭᠤᠢ ᠠᠮᠢᠳᠤᠷᠠᠯ ᠤᠨ ᠣᠪᠣᠷ ᠲᠠᠢ ᠪᠠᠶᠢᠵᠤ᠂ ᠢᠲᠡᠭᠡᠯ ᠵᠣᠷᠢᠭ ᠲᠠᠢ ᠪᠠᠶᠢᠵᠤ᠂ | ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ ᠵᠤᠷᠢᠭᠵᠢᠭᠤᠯᠵᠤ᠂ ᠲᠤᠬᠠᠢ ᠶᠢᠨ ᠲᠠᠯᠠᠪᠠᠢ ᠳᠤ ᠲᠡᠳᠡᠨ ᠳᠤ ᠺᠣᠷᠢᠶᠠ ᠶᠢᠨ | LG ᠶᠢᠨ ᠠᠮᠢᠳᠤᠷᠠᠯ ᠤᠨ ᠡᠷᠡᠭᠦᠯ ᠡᠩᠬᠡ ᠶᠢᠨ ᠡᠳᠦᠷ ᠲᠤᠳᠤᠮ ᠤᠨ ᠬᠡᠷᠡᠭᠯᠡᠭᠡᠨ ᠤ ᠡᠳ᠋ ᠢ ᠬᠦᠷᠭᠡᠪᠠ᠃ | ᠵᠡᠮᠳᠡᠭᠴᠦᠳ ᠤᠨ ᠦᠢᠯᠡᠰ ᠢ ᠤᠷᠳᠤ ᠬᠤᠭᠤᠴᠠᠭ᠎ᠠ ᠪᠠᠷ ᠳᠡᠮᠵᠢᠭᠰᠡᠨ ᠬᠠᠶᠢᠷ᠎ᠠ ᠬᠠᠯᠠᠮᠵᠢ ᠶᠢᠨ ᠬᠥᠮᠥᠰ ᠵᠢᠴᠢ | ᠵᠡᠮᠳᠡᠭᠴᠦᠳ ᠤᠨ ᠠᠵᠢᠯᠲᠠᠳ ᠤᠨ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠡᠳᠬᠡᠵᠦ᠂ ᠵᠡᠮᠳᠡᠭᠴᠦᠳ ᠤᠨ ᠬᠤᠯᠪᠣᠭ᠎ᠠ ᠳᠤ ᠠᠵᠢᠯᠯᠠᠵᠤ ᠪᠠᠶᠢᠭ᠎ᠠ ᠠᠵᠢᠯᠲᠠᠳ ᠢ ᠳᠣᠲᠣᠨᠣ ᠪᠠᠷ | ᠲᠣᠬᠤᠨᠢᠭᠤᠯᠵᠤ᠂ ᠬᠠᠶᠢᠷ᠎ᠠ ᠬᠠᠯᠠᠮᠵᠢ ᠬᠦᠷᠭᠡᠪᠡ᠃ | ᠳᠠᠷᠠᠭ᠎ᠠ ᠳᠤ ᠨᠢ᠂ ᠲᠣᠬᠤᠨᠢᠭᠤᠯᠬᠤ ᠳᠤᠭᠤᠶᠢᠯᠠᠩ ᠤᠨ ᠬᠢᠨ ᠬᠤᠸᠠᠳᠧ ᠰᠢᠶᠠᠨ ᠤ ᠡᠮᠨᠡᠯᠭᠡ ᠶᠢᠨ ᠬᠤᠷᠢᠶ᠎ᠠ᠂ | ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠯᠢᠶᠠᠨ ᠳ᠋ᠧ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠵᠦ | ᠂ ᠥᠷᠭᠡᠨ ᠤᠯᠠᠨ ᠡᠮᠴᠢ ᠰᠤᠪᠢᠯᠠᠭᠴᠢᠳ ᠢ ᠪᠣᠯᠭᠤᠭᠠᠨ ᠦᠵᠡᠵᠦ᠂ ᠪᠠᠭ᠎ᠠ ᠭᠡᠷ ᠢᠶᠠᠨ ᠬᠠᠶᠠᠵᠤ ᠤᠯᠠᠨ ᠢ | ᠬᠠᠷᠠᠭᠠᠯᠵᠠᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠤᠭ ᠤᠨ ᠡᠮᠦᠨ᠎ᠡ ᠹᠷᠣᠨᠲ ᠢ ᠪᠠᠲᠤ ᠰᠠᠬᠢᠪᠠ᠃ ᠡᠳᠡᠭᠡᠷ | ᠬᠦᠨᠳᠦᠲᠦ ᠡᠮᠴᠢ ᠰᠤᠪᠢᠯᠠᠭᠴᠢᠳ ᠬᠢᠵᠢᠭ ᠤᠨ ᠪᠠᠶᠢᠳᠠᠯ ᠢ ᠵᠠᠷᠯᠢᠭ ᠮᠡᠲᠦ ᠦᠵᠡᠵᠦ᠂ ᠡᠪᠡᠳᠴᠢᠲᠡᠨ ᠤ ᠥᠷᠥᠭᠡ ᠶᠢ | ᠳᠠᠶᠢᠨ ᠤ ᠲᠠᠯᠠᠪᠤᠷ ᠮᠡᠲᠦ ᠦᠵᠡᠵᠦ᠂ ᠡᠪᠡᠳᠴᠢᠲᠡᠨ ᠢ ᠲᠥᠷᠥᠯ ᠰᠠᠳᠤᠨ ᠮᠡᠲᠦ ᠦᠵᠡᠵᠦ᠂ ᠪᠦᠬᠦ ᠬᠦᠴᠦ ᠪᠠᠷ ᠢᠶᠠᠨ | ᠴᠢᠷᠮᠠᠶᠢᠵᠤ ᠪᠠᠶᠢᠭᠠᠳ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠵᠦ᠂ ᠠᠮᠢ ᠨᠠᠰᠤ ᠶᠢ ᠢᠪᠡᠭᠡᠬᠦ᠂ | ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠬᠠᠷᠠᠮ ᠦᠭᠡᠢ ᠵᠢᠳᠬᠦᠬᠦ᠂ ᠬᠢᠵᠠᠭᠠᠷ ᠦᠭᠡᠢ ᠶᠡᠭᠡ | ᠬᠠᠶᠢᠷ᠎ᠠ ᠬᠠᠯᠠᠮᠵᠢ ᠲᠠᠢ ᠡᠮᠴᠢ ᠶᠢᠨ ᠬᠠᠶᠢᠷ᠎ᠠ ᠰᠡᠳᠬᠢᠯᠭᠡ ᠶᠢ ᠭᠦᠢᠴᠡᠳ ᠬᠠᠷᠠᠭᠤᠯᠤᠭᠰᠠᠨ ᠪᠠᠶᠢᠨ᠎ᠠ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠡᠮᠴᠢ ᠰᠤᠪᠢᠯᠠᠭᠴᠢᠳ ᠲᠤ | ᠮᠡᠨᠳᠦᠴᠢᠯᠡᠯ ᠪᠠ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠬᠦ ᠶᠢᠨ ᠬᠠᠮᠲᠤ ᠵᠡᠮᠳᠡᠭᠴᠦᠳ ᠤᠨ ᠦᠢᠯᠡᠰ ᠤᠨ | ᠢᠳᠡᠪᠬᠢ ᠬᠦᠴᠦᠨ ᠢ ᠳᠠᠮᠵᠢᠭᠤᠯᠬᠤ ᠶᠢᠨ ᠲᠥᠯᠥᠭᠡ᠂ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ | ᠳᠠᠷᠤᠭ᠎ᠠ ᠵᠡᠮᠳᠡᠭᠴᠦᠳ ᠤᠨ ᠬᠤᠯᠪᠣᠭ᠎ᠠ ᠶᠢ ᠲᠥᠯᠥᠭᠡᠯᠡᠨ ᠲᠣᠬᠤᠨᠢᠭᠤᠯᠬᠤ ᠪᠣᠳᠠᠰ ᠬᠦᠷᠭᠡᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |