ᠳᠥᠷᠪᠡᠳ ᠬᠤᠰᠢᠭᠤ ᠠᠮᠤ ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2022/9/9
    ᠨᠢᠭᠡ ᠳᠤ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠪᠡ᠃ 2022 ᠣᠨ ᠳᠤ ᠳᠥᠷᠪᠡᠳ ᠬᠤᠰᠢᠭᠤᠨ ᠤ ᠲᠠᠷᠢᠮᠠᠯ ᠤᠨ ᠶᠡᠷᠦᠩᠬᠡᠢ ᠳᠠᠷᠢᠬᠤ ᠲᠠᠯᠠᠪᠠᠶ 189 ᠲᠦᠮᠡᠨ ᠮᠦ ᠳᠤ ᠬᠦᠷᠴᠦ᠂ ᠡᠭᠦᠨ ᠳᠤ ᠠᠮᠤ ᠪᠤᠳᠠᠭ᠎ᠠ ᠳᠠᠷᠢᠬᠤ ᠲᠠᠯᠠᠪᠠᠶ 132.5 ᠲᠦᠮᠡᠨ ᠮᠦ ᠳᠤ ᠬᠦᠷᠴᠦ᠂ ᠠᠮᠤ ᠪᠤᠳᠠᠭ᠎ᠠ ᠳᠠᠷᠢᠬᠤ ᠲᠠᠯᠠᠪᠠᠶ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠪᠡ᠃     ᠬᠤᠶᠠᠷ ᠲᠤ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠥᠷᠭᠡᠳᠬᠡᠨ ᠲᠠᠷᠢᠪᠡ᠃ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ 0.2 ᠲᠦᠮᠡᠨ ᠮᠦ ᠳᠠᠷᠢᠵᠤ᠂ ᠲᠣᠰᠣᠯᠢᠭ ᠲᠠᠷᠢᠮᠠᠯ ᠢ 35.98 ᠲᠦᠮᠡᠨ ᠮᠦ ᠳᠠᠷᠢᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃     ᠭᠤᠷᠪᠠ ᠳᠤ ᠠᠯᠠᠰᠢᠨ ᠦᠬᠡᠷ ᠤᠨ ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠪᠠ ᠠᠯᠠᠰᠢᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠦᠨ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠪᠡ᠃ ᠵᠢᠯ ᠤᠨ ᠳᠣᠲᠣᠷ᠎ᠠ ᠳ᠋ᠦ᠋ ᠮᠧᠩ ᠤᠨ ᠰᠠᠭᠤᠷᠢ ᠡᠮ᠎ᠡ ᠬᠤᠨᠢ 2 ᠲᠦᠮᠡ᠂ ᠠᠯᠠᠰᠢᠨ ᠦᠬᠡᠷ 3000 ᠶᠢ ᠲᠠᠯᠪᠢᠵᠤ᠂ ᠠᠯᠠᠰᠢᠨ ᠬᠤᠨᠢᠨ ᠤ ᠲᠡᠵᠢᠭᠡᠪᠦᠷᠢ ᠶᠢᠨ ᠬᠡᠮᠵᠢᠶ᠎ᠡ ᠶᠢ 200 ᠲᠦᠮᠡ ᠳᠤ ᠲᠣᠭᠲᠠᠪᠤᠷᠢᠵᠢᠭᠤᠯᠵᠤ᠂ ᠠᠯᠠᠰᠢᠨ ᠦᠬᠡᠷ ᠤᠨ ᠲᠤᠭ᠎ᠠ ᠶᠢ 10 ᠲᠦᠮᠡ ᠳᠤ ᠬᠦᠷᠭᠡᠪᠡ᠃    ᠳᠥᠷᠪᠡ ᠳᠤ ᠲᠠᠷᠢᠶᠠᠨ ᠭᠠᠵᠠᠷ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠡ᠃ ᠲᠣᠮᠣ ᠲᠦᠬᠦᠮ ᠪᠦᠲᠦᠴᠡᠲᠦ ᠭᠡᠷ ᠪᠠᠶᠢᠰᠢᠩ ᠢ ᠴᠡᠭᠴᠡᠯᠡᠨ ᠵᠠᠰᠠᠬᠤ ᠪᠠ ᠣᠷᠣᠨ ᠰᠠᠭᠤᠴᠠ ᠶᠢᠨ ᠰᠠᠭᠤᠷᠢ ᠭᠠᠵᠠᠷ ᠢ ᠬᠢᠨᠠᠨ ᠵᠥᠪᠰᠢᠶᠡᠷᠡᠬᠦ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠲᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 10 ᠭᠠᠵᠠᠷ ᠢ ᠨᠤᠷᠠᠭᠠᠪᠠ᠃ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠪᠠ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠳᠤᠭᠤᠰᠢᠯᠠᠭᠤᠯᠤᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ 7215 ᠲᠦᠮᠡᠨ ᠲᠥᠭᠦᠷᠢᠭ ᠣᠯᠭᠤᠵᠤ᠂ ᠠᠮᠤ ᠪᠤᠳᠠᠭ᠎ᠠ ᠳᠠᠷᠢᠬᠤ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ 856 ᠲᠦᠮᠡᠨ ᠲᠥᠭᠦᠷᠢᠭ ᠣᠯᠭᠤᠪᠠ︔     ᠲᠠᠪᠤ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠡ᠃ ᠳᠥᠷᠪᠡᠳ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠡᠶᠢᠲᠡ 31.7 ᠲᠦᠮᠡᠨ ᠮᠦ ᠪᠡᠶᠡᠯᠡᠭᠦᠯᠵᠦ᠂ 2022 ᠣᠨ ᠳᠤ 3.8 ᠲᠦᠮᠡᠨ ᠮᠦ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃                                    ᠤᠷᠴᠢᠭᠤᠯᠤᠭᠴᠢ᠄ ᠬᠦᠰᠡᠯ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2