ᠰᠦᠢ ᠸᠧᠢ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/12
    1 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠳᠥᠷᠪᠡᠳ ᠬᠤᠰᠢᠭᠤᠨ ᠳᠤ ᠭᠦᠨᠵᠡᠭᠡᠶᠢᠷᠡᠨ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠢ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠰᠠᠶᠢᠨ ᠰᠠᠶᠢᠬᠠᠨ ᠢᠷᠦᠭᠡᠯ ᠳᠡᠪᠰᠢᠭᠦᠯᠵᠡᠢ᠃     ᠰᠦᠢ ᠸᠧᠢ ᠵᠢᠶᠦ᠋ᠨ ᠡᠩ ᠲᠡᠷᠢᠭᠦᠨ ᠳᠤ ᠤᠯᠠᠭᠠᠨᠬᠤᠸᠠ ᠪᠠᠯᠭᠠᠰᠤ ᠶᠢᠨ ᠵᠧᠩ ᠵᠢᠶᠠ ᠲᠠᠨ ᠲᠣᠰᠬᠤᠨ ᠳᠤ ᠬᠦᠷᠴᠦ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠦᠷᠢᠯᠳᠦᠭᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠡᠮ ᠡᠮᠨᠡᠯᠭᠡ ᠶᠢᠨ ᠪᠠᠲᠤᠯᠠᠭ᠎ᠠ᠂ ᠠᠵᠤ ᠦᠢᠯᠡᠰ ᠤᠨ ᠬᠥᠭᠵᠢᠯᠲᠡ᠂ ᠬᠥᠮᠥᠨ ᠳᠤᠮᠳᠠᠴᠢ ᠶᠢᠨ ᠣᠷᠣᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠦᠢ ᠸᠧᠢ ᠵᠢᠶᠦ᠋ᠨ᠂ ᠠᠵᠤ ᠦᠢᠯᠡᠰ ᠤᠨ ᠬᠥᠭᠵᠢᠯᠲᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠣᠨᠴᠠᠯᠢᠭᠲᠤ ᠮᠠᠯ ᠠᠵᠤ ᠠᠬᠤᠢ ᠶᠢᠨ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠪᠠᠷ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠢ ᠭᠡᠵᠦ ᠬᠡᠯᠡᠪᠡ᠃     ᠬᠦᠴᠢᠷᠳᠡᠯ ᠲᠠᠢ ᠣᠯᠠᠨ ᠲᠦᠮᠡᠨ ᠢ ᠰᠠᠨᠠᠭᠠᠰᠢᠷᠠᠨ᠂ ᠰᠦᠢ ᠸᠧᠢ ᠵᠢᠶᠦ᠋ᠨ ᠶᠠᠳᠠᠭᠤ ᠠᠴᠠ ᠠᠩᠭᠢᠵᠢᠷᠠᠭᠰᠠᠨ ᠡᠷᠦᠬᠡ ᠹᠧᠩ ᡁᠢ ᠴᠢᠶᠠᠩ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠶᠢᠨ ᠡᠷᠦᠬᠡ ᠹᠦ᠋ ᠮᠣᠣ ᠯᠢᠨ ᠵᠢᠴᠢ ᠠᠵᠢᠯ ᠠᠴᠠ ᠪᠠᠨ ᠪᠠᠭᠤᠭᠰᠠᠨ ᠬᠦᠴᠢᠷᠳᠡᠯᠲᠡᠢ ᠠᠵᠢᠯᠲᠠᠨ ᠵᠠᠩ ᠷᠦᠩ ᠤᠨ ᠭᠡᠷ ᠲᠤ ᠢᠷᠡᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠬᠠᠯᠠᠮᠵᠢᠯᠠᠨ ᠠᠰᠠᠭᠤᠵᠤ᠂ ᠲᠡᠳᠡᠨ ᠢ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠬᠠᠪᠰᠤᠷᠤᠯᠭ᠎ᠠ ᠪᠠᠷ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠠᠮᠢᠳᠤᠷᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃     ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠯᠢ ᠵᠢᠶᠦ᠋ᠨ ᠯᠦᠩ ᠤᠨ ᠭᠡᠷ ᠲᠤ᠂ ᠰᠦᠢ ᠸᠧᠢ ᠵᠢᠶᠦ᠋ᠨ ᠲᠡᠭᠦᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠡᠭᠦᠨ ᠢ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠰᠢᠨ᠎ᠡ ᠶᠢ ᠡᠭᠦᠳᠬᠦ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠴᠢᠳᠠᠪᠤᠷᠢᠲᠠᠨ ᠡᠯᠰᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠠᠰᠤᠷᠠᠯᠲᠠ ᠦᠭᠡᠢ ᠭᠠᠷᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠳᠥᠷᠪᠡᠳ ᠬᠤᠰᠢᠭᠤ ᠵᠢᠴᠢ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠣᠷᠢᠭᠵᠢᠭᠤᠯᠪᠠ᠃ ᠳᠥᠷᠪᠡᠳ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠪᠴᠠᠩ ᠪᠠᠶᠢᠭᠤᠯᠤᠨ᠂ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠳ᠋ᠦ᠋ ᠮᠧᠩ ᠬᠤᠨᠢ︾ ᠭᠡᠬᠦ ᠡᠨᠡ ᠬᠦ ᠳᠠᠪᠠᠭᠤᠯᠢᠭ ᠣᠨᠴᠠᠯᠢᠭᠲᠤ ᠠᠵᠤ ᠦᠢᠯᠡᠰ ᠢ ᠦᠨᠡᠨ ᠬᠦ ᠨᠠᠷᠢᠯᠢᠭ ᠪᠥᠭᠡᠳ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠦ ᠵᠠᠬᠢᠪᠠ᠃     ᠯᠢᠦ ᠭᠦᠸᠧ ᠭᠠᠩ᠂ ᠯᠢ ᠵᠢᠶᠠᠨ ᠵᠢᠶᠦ᠋ᠨ᠂ ᠯᠦ ᠱᠧᠩ ᠴᠢ ᠪᠠᠶᠢᠴᠠᠭᠠᠨ ᠰᠤᠳᠤᠯᠵᠤ ᠲᠣᠬᠤᠨᠢᠭᠤᠯᠬᠤ ᠳᠤ ᠣᠷᠣᠯᠴᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2