ᠰᠦᠢ ᠸᠧᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠪᠢᠶᠠᠷᠢ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠬᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠦᠵᠡᠯ ᠰᠠᠨᠠᠭ᠎ᠠ ᠪᠠᠨ ᠴᠢᠯᠦᠭᠡᠯᠡᠵᠦ ᠠᠵᠠ ᠲᠣᠬᠢᠶᠠᠯ ᠢ ᠠᠮᠵᠢᠨ ᠪᠣᠳᠠᠲᠠᠢ ᠠᠵᠢᠯᠯᠠᠵᠤ ᠪᠤᠳᠠᠲᠣ ᠠᠵᠢᠯᠯᠠᠭ᠎ᠠ ᠪᠠᠷ ᠣᠳᠣᠬᠢᠴᠢᠯᠠᠭᠰᠠᠨ ᠤᠯᠠᠭᠠᠨᠴᠠᠪ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ
ᠨᠡᠶᠢᠲᠡᠯᠡᠭᠰᠡᠨ ᠴᠠᠭ᠄
2023/1/17
   1 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠥᠯᠬᠦᠮ ᠬᠤᠪᠢᠶᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠲᠣᠰ ᠤᠳᠠᠭ᠎ᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠪᠠᠨ ᠴᠢᠯᠦᠭᠡᠯᠡᠵᠦ᠂ ᠠᠵᠠ ᠲᠣᠬᠢᠶᠠᠯ ᠢ ᠵᠠᠪᠳᠤᠨ ᠠᠳᠬᠤᠵᠤ᠂ ᠪᠣᠳᠠᠲᠠᠢ ᠠᠵᠢᠯᠯᠠᠨ ᠦᠨᠡᠨᠴᠢ ᠪᠠᠷ ᠠᠵᠢᠯᠯᠠᠵᠤ᠂ ᠣᠳᠣᠬᠢᠴᠢᠯᠠᠭᠰᠠᠨ ᠤᠯᠠᠭᠠᠨᠴᠠᠪ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ᠃    ᠰᠦᠢ ᠸᠧᠢ ᠵᠢᠶᠦ᠋ᠨ ᠬᠡᠯᠡᠬᠦ ᠳᠡᠭᠡᠨ᠂ ᠸᠠᠩ ᠯᠢ ᠰᠢᠶᠠ ᠲᠡᠷᠢᠭᠦᠯᠡᠭᠴᠢ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠮᠵᠢᠯᠲᠠ ᠪᠠᠨ ᠳ᠋ᠦᠩᠨᠡᠬᠦ ᠳᠡᠭᠡᠨ ᠦᠨᠡᠨ ᠠᠴᠠ ᠵᠥᠪ ᠢ ᠡᠷᠢᠵᠦ᠂ ᠪᠠᠶᠢᠳᠠᠯ ᠢ ᠵᠠᠳᠠᠯᠬᠤ ᠳᠠᠭᠠᠨ ᠪᠤᠰᠤᠳᠴᠢ ᠪᠥᠭᠡᠳ ᠨᠡᠪᠲᠡᠷᠬᠡᠢ ᠪᠠᠶᠢᠵᠤ᠂ ᠠᠵᠢᠯ ᠢᠶᠠᠨ ᠪᠠᠶᠢᠷᠢᠯᠠᠭᠤᠯᠬᠤ ᠳᠠᠭᠠᠨ ᠦᠨᠡᠨᠬᠦ ᠬᠦᠴᠦᠲᠡᠢ ᠪᠠᠶᠢᠵᠤ᠂ ᠤᠯᠤᠰ ᠲᠦᠷᠦ ᠶᠢ ᠡᠷᠬᠢᠮᠯᠡᠵᠦ᠂ ᠵᠣᠭᠰᠣᠴᠠ ᠲᠠᠢ᠂ ᠭᠤᠣᠯᠯᠠᠭᠴᠢ ᠶᠢ ᠬᠠᠮᠠᠭᠠᠯᠠᠭᠰᠠᠨ ᠰᠠᠶᠢᠨ ᠢᠯᠡᠳᠬᠡᠯ ᠪᠣᠯᠣᠨ᠎ᠠ︔ ᠨᠡᠮᠡᠭᠳᠡᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠵᠤ᠂ ᠬᠥᠮᠥᠰ ᠤᠨ ᠰᠡᠳᠬᠢᠯ  ᠢ ᠬᠥᠭᠵᠢᠭᠡᠭᠰᠡᠨ ᠰᠠᠶᠢᠨ ᠢᠯᠡᠳᠬᠡᠯ ᠮᠥᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠨ ᠢ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠭᠰᠠᠨ ᠰᠠᠶᠢᠨ ᠢᠯᠡᠳᠬᠡᠯ ᠮᠥᠨ︔ ᠠᠷᠠᠳ ᠤᠨ ᠰᠠᠨᠠᠭᠠᠰᠢᠷᠠᠯ ᠢ ᠲᠠᠶᠢᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠤᠭ ᠰᠠᠨᠠᠭ᠎ᠠ ᠪᠠᠨ ᠢᠯᠡᠷᠡᠭᠦᠯᠦᠭᠰᠡᠨ ᠰᠠᠶᠢᠨ ᠢᠯᠡᠳᠬᠡᠯ ᠮᠥᠨ᠃ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠣᠶᠢᠯᠠᠭᠠᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠᠷ ᠬᠦᠴᠦᠯᠡᠬᠦ ᠴᠡᠭ ᠪᠣᠯᠭᠠᠵᠤ᠂ ︽ᠲᠠᠪᠤᠨ ᠶᠡᠭᠡ ᠡᠬᠢᠯᠡᠯᠲᠡ︾ ᠶᠢ ᠥᠷᠨᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠲᠣᠭᠠᠴᠢᠯᠠᠭᠰᠠᠨ ᠠᠵᠤ ᠠᠬᠤᠢ᠂ ᠬᠦᠢᠰᠦ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠢ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ︽ᠲᠠᠪᠤᠨ ᠶᠡᠭᠡ ᠠᠵᠤ ᠠᠬᠤᠢ︾ ᠶᠢᠨ ᠬᠤᠯᠪᠤᠭᠠᠯᠠᠨ ᠬᠥᠭᠵᠢᠬᠦ ᠶᠢ ᠲᠦᠷᠭᠡᠳᠬᠡᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠲᠦᠯᠬᠢᠨ ᠠᠬᠢᠭᠤᠯᠤᠨ᠎ᠠ ᠭᠡᠵᠡᠢ᠃    ᠰᠦᠢ ᠸᠧᠢ ᠵᠢᠶᠦ᠋ᠨ ᠬᠡᠯᠡᠬᠦ ᠳᠡᠭᠡᠨ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠪᠠᠷᠢᠨ ᠭᠦᠢᠴᠡᠳᠬᠡᠬᠦ ᠪᠠᠴᠢᠮ ᠡᠭᠦᠷᠭᠡ ᠪᠣᠯᠣᠨ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠭᠤᠣᠯᠳᠠᠯᠭ᠎ᠠ ᠲᠠᠢ ᠨᠢᠭᠡᠳᠦᠯᠲᠡᠢ ᠲᠥᠯᠥᠪᠵᠢᠭᠦᠯᠵᠦ᠂ ᠴᠠᠭ ᠤᠨ ᠪᠠᠶᠢᠳᠠᠯ ᠢ ᠦᠨᠳᠦᠰᠦᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠰᠢᠯᠢᠳᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠬᠡᠷᠡᠭᠯᠡᠭᠡ ᠶᠢ ᠠᠬᠢᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠢ ᠶᠢᠨ ᠪᠦᠬᠦ ᠲᠠᠯ᠎ᠠ ᠶᠢᠨ ᠰᠡᠷᠭᠦᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦ ᠲᠠᠯᠪᠢᠨ᠎ᠠ︔ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠲᠠᠶᠢᠴᠢᠯᠠᠨ ᠲᠤᠯᠭᠠᠭᠤᠷᠢᠯᠠᠬᠤ ᠦᠢᠯᠡᠳᠦᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠡᠭᠦᠳᠡ ᠪᠠᠨ ᠨᠡᠭᠡᠭᠡᠬᠦ ᠳᠤ ᠯᠠᠪᠳᠠᠭᠤᠨ᠂ ᠰᠠᠶᠢᠨ ᠡᠬᠢᠯᠡᠯᠲᠡ ᠲᠠᠢ ᠪᠣᠯᠭᠠᠬᠤ︾ ᠶᠢ ᠪᠡᠶᠡᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠨ᠎ᠠ︔ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠭᠤᠣᠯᠳᠠᠯᠭ᠎ᠠ ᠲᠠᠢ ᠪᠣᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠨ᠎ᠠ︔ ᠡᠳ᠋ ᠤᠨ ᠵᠠᠰᠠᠭ ᠤᠨ ᠣᠷᠣᠯᠭ᠎ᠠ ᠪᠣᠯᠣᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠨᠢᠭᠡᠳᠦᠯᠲᠡᠢ ᠲᠥᠯᠥᠪᠵᠢᠭᠦᠯᠵᠦ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠴᠡᠭ ᠢ ᠭᠦᠨᠵᠡᠭᠡᠢ ᠠᠭᠤᠳᠠᠯᠵᠤ᠂ ᠠᠷᠭ᠎ᠠ ᠪᠦᠬᠦᠨ ᠢ ᠰᠦᠪᠡᠭᠴᠢᠯᠡᠨ ᠬᠤᠳᠠ ᠪᠠᠯᠭᠠᠰᠤᠨ ᠤ ᠰᠠᠭᠤᠭᠠᠯᠢ ᠠᠷᠠᠳ ᠪᠣᠯᠣᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠡᠭᠡᠷ᠎ᠡ ᠬᠦᠴᠦ ᠣᠷᠣᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠤᠯᠠᠨ ᠨᠡᠩ ᠰᠠᠶᠢᠨ ᠬᠦᠷᠲᠡᠭᠡᠨ᠎ᠡ ᠭᠡᠵᠡᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2