ᠴᠢ ᠹᠧᠢ ᠶᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠪᠢᠶᠠᠷᠢ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠦᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠭᠰᠠᠨ ᠨᠢ ᠬᠠᠷᠠᠯᠲᠠ ᠪᠠᠨ ᠲᠣᠭᠲᠠᠭᠠᠵᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ
ᠨᠡᠶᠢᠲᠡᠯᠡᠭᠰᠡᠨ ᠴᠠᠭ᠄
2023/1/18
    1 ᠳ᠋ᠤᠭᠡᠷ ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠪᠢᠶᠠᠷᠢ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠦᠪᠯᠡᠬᠦ ᠳᠤ ᠣᠷᠤᠯᠴᠠᠬᠤ ᠳᠠᠭᠠᠨ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠪᠠᠨ ᠲᠣᠭᠲᠠᠭᠠᠨ ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃     ᠴᠢ ᠹᠧᠢ ᠶᠦᠨ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠦᠬᠦ ᠲᠠᠯ᠎ᠠ ᠳᠤ ᠵᠣᠭᠰᠣᠵᠤ᠂ ᠶᠡᠭᠡ ᠲᠠᠯ᠎ᠠ ᠠᠴᠠ ᠪᠣᠳᠣᠯᠬᠢᠯᠠᠨ᠂ ᠬᠤᠪᠢᠷᠠᠯᠲᠠ ᠶᠢᠨ ᠪᠠᠶᠢᠳᠠᠯ ᠢ ᠠᠷᠭᠠᠴᠠᠵᠤ᠂ ᠰᠢᠨ᠎ᠡ ᠪᠠᠶᠢᠳᠠᠯ ᠢ ᠡᠬᠢᠯᠡᠭᠦᠯᠵᠦ᠂ ᠠᠮᠵᠢᠯᠲᠠ ᠪᠠᠨ ᠳ᠋ᠦᠩᠨᠡᠬᠦ ᠳᠡᠭᠡᠨ ᠪᠤᠰᠤᠳᠴᠢ ᠮᠠᠭᠠᠳ ᠣᠷᠣᠰᠢᠬᠤᠢ ᠪᠠᠶᠢᠵᠤ᠂ ᠠᠰᠠᠭᠤᠳᠠᠯ ᠢ ᠵᠠᠳᠠᠯᠬᠤ ᠳᠠᠭᠠᠨ ᠭᠦᠨᠵᠡᠭᠡᠢ ᠨᠡᠪᠲᠡᠷᠬᠡᠢ ᠪᠠᠶᠢᠵᠤ᠂ ᠠᠵᠢᠯ ᠢᠶᠠᠨ ᠲᠥᠯᠥᠪᠵᠢᠭᠦᠯᠬᠦ ᠳᠡᠭᠡᠨ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢ ᠭᠦᠢᠴᠡᠳ ᠢᠯᠡᠷᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠴᠢᠬᠤᠯᠠ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠠᠷᠠᠳ ᠲᠦᠮᠡᠨ ᠢ ᠳᠡᠭᠡᠳᠦᠯᠡᠬᠦ ᠦᠷᠳᠡᠭ ᠤᠨ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠲᠤᠭ ᠢᠶᠠᠨ ᠥᠨᠳᠥᠷ ᠮᠠᠨᠳᠤᠭᠤᠯᠵᠤ᠂ ᠬᠥᠭᠵᠢᠯᠲᠡ ᠶᠢ ᠬᠥᠲᠥᠯᠥᠨ ᠳᠠᠭᠠᠭᠤᠯᠵᠤ᠂ ᠬᠥᠮᠥᠰ ᠤᠨ ᠰᠡᠳᠬᠢᠯ ᠢ ᠵᠣᠷᠢᠭᠵᠢᠭᠤᠯᠤᠭᠰᠠᠨ ᠰᠠᠶᠢᠨ ᠮᠡᠳᠡᠭᠦᠯᠦᠯᠲᠡ ᠪᠣᠯᠣᠨ᠎ᠠ ᠭᠡᠵᠤ ᠬᠡᠯᠡᠪᠡ᠃     ᠴᠢ ᠹᠧᠢ ᠶᠦᠨ᠂ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠰᠠᠶᠢᠲᠤᠷ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠬᠥᠭᠵᠢᠭᠦᠯᠦᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠲᠠᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠵᠦ᠂ ᠦᠷᠭᠦᠯᠵᠢᠯᠡᠨ ᠬᠦᠴᠦᠯᠡᠵᠦ᠂ ︽ᠯᠠᠪᠳᠠᠭᠤᠨ  ᠡᠬᠢᠯᠡᠯᠳᠡ᠂ ᠰᠠᠶᠢᠨ ᠡᠬᠢᠯᠡᠯᠲᠡ ᠲᠠᠢ ᠪᠣᠯᠬᠤ︾ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠰᠠᠶᠢᠵᠢᠷᠠᠬᠤ᠂ ᠤᠷᠤᠭᠰᠢᠯᠠᠯᠲᠠ ᠶᠢᠨ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢᠨ ᠰᠠᠶᠢᠵᠢᠷᠠᠯᠲᠠ ᠶᠢ ᠲᠦᠷᠭᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠮᠠᠯ ᠠᠵᠤ ᠠᠬᠤᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠳᠤᠯ ᠦᠭᠡᠢ ᠡᠨᠧᠷᠭᠢ ᠶᠢᠨ ᠬᠤᠪᠢᠰᠬᠠᠯ᠂ ᠰᠣᠶᠣᠯ ᠵᠤᠭᠠᠴᠠᠯ ᠡᠷᠡᠭᠦᠯ ᠬᠠᠮᠠᠭᠠᠯᠠᠯ ᠨᠠᠰᠤᠵᠢᠯ ᠤᠨ ᠠᠰᠠᠷᠠᠮᠵᠢ ᠶᠢᠨ ᠠᠭᠤᠰᠤᠯᠳᠤᠯ ᠪᠠ ᠲᠣᠭᠠᠴᠢᠯᠠᠭᠰᠠᠨ ᠠᠵᠤ ᠠᠬᠤᠢ ᠶᠢᠨ ᠡᠨᠧᠷᠭᠢ ᠣᠯᠭᠤᠬᠤ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠭᠤᠶᠢᠪᠢᠰᠢ ᠦᠭᠡᠢ ᠪᠠᠷᠢᠮᠲᠠᠯᠠᠵᠤ᠂ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠨᠡᠮᠡᠭᠳᠡᠭᠦᠯᠵᠦ᠂ ᠨᠡᠭᠡᠭᠡᠯᠲᠡ ᠬᠢᠬᠦ ᠵᠠᠮ᠂ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠶᠢᠨ ᠵᠠᠩᠭᠢᠯᠠᠭ᠎ᠠ ᠶᠢᠨ ᠡᠨᠧᠷᠭᠢ ᠶᠢᠨ ᠲᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠭᠤᠶᠢᠪᠢᠰᠢ ᠦᠭᠡᠢ ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦᠶᠢᠴᠡ ᠪᠣᠯᠭᠠᠬᠤ ᠬᠡᠷᠡᠭᠲᠡᠢ ᠭᠡᠵᠦ ᠬᠡᠯᠡᠪᠡ᠃                        ᠵᠤᠬᠢᠶᠠᠭᠴᠢ᠄ ᠲᠧᠩ ᠵᠢᠶᠠ                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2