ᠰᠦᠢ ᠸᠧᠢ ᠵᠢᠶᠦ᠋ᠨ ᠲᠢᠶᠠᠨ ᠺᠦᠨ ᠤᠯᠠᠨ ᠤᠯᠤᠰ ᠤᠨ ᠰᠤᠷᠭᠠᠨ ᠬᠥᠮᠦᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠦᠨ ᠯᠧᠢ ᠨᠠᠷ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/1/22
  1 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠲᠢᠶᠠᠨ ᠺᠦᠨ ᠣᠯᠠᠨ ᠤᠯᠤᠰ ᠤᠨ ᠰᠤᠷᠭᠠᠨ ᠬᠥᠮᠦᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠶᠦᠨ ᠯᠧᠢ ᠨᠠᠷ ᠲᠠᠢ ᠬᠡᠯᠡᠯᠴᠡᠭᠡ ᠬᠢᠵᠦ᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠠᠵᠤ ᠠᠬᠤᠢ ᠠᠷᠠᠯᠵᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ ᠡᠷᠦᠬᠡ ᠠᠮᠠ ᠣᠷᠣᠬᠤ᠂ ᠬᠠᠮᠲᠤᠷᠠᠨ ᠰᠤᠷᠭᠠᠭᠤᠯᠢ ᠡᠷᠭᠢᠯᠡᠬᠦ ᠵᠡᠷᠭᠡ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠤᠯᠢᠯᠴᠠᠪᠠ᠃       ᠬᠤᠶᠠᠷ ᠲᠠᠯ᠎ᠠ ᠪᠠᠷ ᠢᠶᠠᠨ᠂ ᠬᠠᠮᠲᠤ ᠪᠠᠷ ᠴᠢᠷᠮᠠᠶᠢᠵᠤ ᠪᠠᠶᠢᠭᠠᠳ ᠤᠯᠠᠭᠠᠨᠴᠠᠪ ᠬᠤᠳᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠴᠢᠳᠠᠪᠤᠷᠢᠲᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠠᠭᠠᠨᠴᠠᠪ ᠤᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠣᠯᠪᠠᠰᠤᠷᠠᠯ ᠢ  ᠠᠭᠤᠰᠤᠯᠴᠠᠭᠤᠯᠬᠤ᠂ ᠦᠢᠯᠡᠳᠪᠦᠷᠢᠯᠡᠯ ᠬᠤᠳᠠ ᠶᠢ ᠠᠭᠤᠰᠤᠯᠴᠠᠭᠤᠯᠬᠤ ᠲᠠᠯ᠎ᠠ ᠪᠠᠷ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠤᠷ᠎ᠠ ᠮᠡᠷᠭᠡᠵᠢᠯ ᠤᠨ ᠬᠡᠯᠪᠡᠷᠢ ᠶᠢᠨ᠂ ᠤᠷᠠᠨ ᠳᠠᠷᠬᠠᠨ ᠤ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃       ᠯᠧᠢ ᠺᠦᠨ᠂ ᠯᠢᠦ ᠭᠦᠸᠧ ᠭᠠᠩ ᠣᠷᠣᠯᠴᠠᠵᠠᠢ᠃                                                        ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2