ᠮᠠᠨ ᠤ ᠬᠤᠳᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠦᠷᠭᠦᠯᠵᠢᠯᠡᠨ ᠥᠷᠨᠢᠵᠦ ᠪᠤᠢ
ᠨᠡᠶᠢᠲᠡᠯᠡᠭᠰᠡᠨ ᠴᠠᠭ᠄
2023/1/29
    ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠴᠠᠭᠠᠨ ᠰᠠᠷ᠎ᠠ ᠶᠢ ᠥᠩᠭᠡᠷᠡᠭᠡᠵᠦ᠂ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠲᠠᠢ ᠪᠠᠷ ᠴᠠᠭᠠᠨ ᠰᠠᠷ᠎ᠠ ᠶᠢ ᠪᠡᠯᠭᠡᠯᠡᠨ᠎ᠡ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠳᠠ ᠶᠢᠨ ᠴᠠᠰᠤᠨ ᠳᠤ ᠭᠤᠯᠭᠤᠬᠤ ᠲᠠᠯᠠᠪᠠᠢ᠂ ᠮᠥᠰᠥᠨ ᠳᠡᠭᠡᠷᠡᠬᠢ ᠵᠤᠭ᠎ᠠ ᠴᠡᠩᠭᠡᠯ ᠤᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠥᠷᠭᠡᠨ ᠤᠯᠠᠨ ᠬᠤᠳᠠ ᠶᠢᠨ ᠠᠷᠠᠳ ᠭᠡᠷ ᠠᠴᠠ ᠪᠠᠨ ᠭᠠᠷᠴᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠪᠴᠢᠷᠠᠭᠰᠠᠨ ᠣᠷᠭᠢᠯᠤᠮ᠎ᠠ ᠰᠡᠳᠬᠢᠯᠭᠡ ᠪᠠ ᠪᠠᠶᠠᠷ ᠪᠠᠶᠠᠰᠤᠯ ᠢ ᠡᠳ᠋ᠯᠡᠪᠡ᠃     ᠴᠠᠰᠤᠨ ᠳᠤ ᠭᠤᠯᠭᠤᠬᠤ ᠳᠤᠭᠤᠯᠠᠭ᠎ᠠ ᠪᠠᠨ ᠵᠡᠭᠦᠵᠦ᠂ ᠴᠠᠰᠤᠨ ᠳᠤ ᠭᠤᠯᠭᠤᠬᠤ ᠬᠤᠪᠴᠠᠰᠤ ᠪᠠᠨ ᠡᠮᠦᠰᠴᠦ᠂ ᠴᠠᠨ᠎ᠠ ᠪᠠᠨ ᠭᠢᠰᠬᠢᠵᠦ᠂ ᠲᠠᠶᠠᠭ ᠢᠶᠠᠨ ᠲᠤᠯᠵᠤ ᠁ ᠠᠯᠢ ᠤᠯᠠᠨ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠲᠠᠷᠠᠭ᠎ᠠ᠂ ᠴᠠᠰᠤ ᠮᠥᠰᠥᠨ ᠳᠤ ᠬᠤᠴᠢᠭᠳᠠᠭᠰᠠᠨ ᠭᠠᠵᠠᠷ ᠲᠤ ᠬᠤᠷᠳᠤᠴᠠ ᠪᠣᠯᠣᠨ ᠣᠷᠭᠢᠯᠤᠮ᠎ᠠ ᠰᠡᠳᠬᠢᠯᠭᠡ ᠪᠠᠨ ᠠᠭᠤᠵᠢᠷᠠᠲᠠᠯ᠎ᠠ ᠡᠳ᠋ᠯᠡᠵᠦ ᠪᠣᠯᠣᠨ᠎ᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠴᠠ ᠬᠠᠨ ᠶᠢᠩ ᠤᠨ ᠴᠠᠨ᠎ᠠ ᠶᠢᠨ ᠲᠠᠯᠠᠪᠠᠶ ᠶᠢᠨ ᠴᠠᠨ᠎ᠠ ᠶᠢᠨ ᠵᠠᠮ ᠢᠶᠠᠷ ᠭᠠᠵᠠᠷ ᠪᠣᠯᠭᠠᠨ ᠳᠤ ᠱᠤᠩᠭᠤᠨ ᠪᠠᠭᠤᠵᠤ ᠪᠠᠶᠢᠭ᠎ᠠ ᠪᠠᠶᠢᠳᠠᠯ ᠬᠠᠷᠠᠭᠳᠠᠨ᠎ᠠ᠃     ︽ᠴᠠᠰᠤᠨ ᠳᠤ ᠭᠤᠯᠭᠤᠬᠤ ᠪᠣᠯ ᠬᠥᠮᠥᠰ ᠤᠨ ᠪᠠᠭ᠋ᠠᠷᠤᠯ ᠢ ᠲᠠᠲᠠᠳᠠᠭ ᠨᠢᠭᠡᠨ ᠵᠦᠢᠯ ᠤᠨ ᠬᠥᠳᠡᠯᠭᠡᠭᠡᠨ ᠮᠥᠨ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠰᠠᠶᠢᠨ ᠨᠠᠶᠢᠵᠠ ᠨᠠᠷ ᠲᠠᠢ ᠪᠠᠨ ᠪᠣᠯᠵᠣᠵᠤ ᠴᠠᠰᠤᠨ ᠳᠤ ᠭᠤᠯᠭᠤᠬᠤ ᠪᠠᠶᠠᠷ ᠬᠥᠷ ᠲᠠᠢ ᠴᠠᠭ ᠮᠥᠴᠡ ᠶᠢ ᠡᠳ᠋ᠯᠡᠵᠤ ᠪᠤᠯᠤᠨ᠎ᠡ᠃︾ ᠭᠡᠵᠦ ᠬᠤᠳᠠ ᠶᠢᠨ ᠠᠷᠠᠳ ᠸᠠᠩ ᠫᠧᠩ ᠹᠧᠢ ᠬᠡᠯᠡᠪᠡ᠃     ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠬᠢᠵᠦ ᠴᠠᠭᠠᠨ ᠰᠠᠷ᠎ᠠ ᠶᠢ ᠥᠩᠭᠡᠷᠡᠭᠦᠯᠬᠦ ᠨᠢ ᠴᠥᠭᠡᠨ ᠪᠤᠰᠤ ᠵᠤᠭᠠᠴᠠᠭᠰᠠᠳ ᠤᠨ ᠲᠠᠤᠯᠠᠢ ᠵᠢᠯ ᠤᠨ ᠴᠠᠭᠠᠨ ᠰᠠᠷ᠎ᠠ ᠶᠢᠨ ᠲᠡᠷᠢᠭᠦᠨ ᠰᠣᠩᠭᠤᠯᠲᠠ ᠪᠣᠯᠵᠠᠢ᠃ ︽ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠴᠠᠰᠤᠨ ᠳᠤ ᠭᠤᠯᠭᠤᠬᠤ ᠲᠠᠯᠠᠪᠠᠶ ᠬᠥᠮᠥᠰ ᠤᠨ ᠠᠩᠬᠠᠷᠤᠯ ᠢ ᠶᠡᠬᠡᠳᠡ ᠲᠠᠲᠠᠵᠤ᠂ ᠡᠳᠦᠷ ᠪᠦᠷᠢ ᠳᠤᠮᠳᠠᠴᠢ ᠪᠠᠷ 2000 ᠭᠠᠷᠤᠢ ᠵᠤᠭᠠᠴᠠᠭᠰᠠᠳ ᠢ ᠭᠥᠯᠢᠶᠡᠨ ᠠᠪᠴᠤ ᠵᠣᠴᠢᠯᠠᠪᠡ᠃ ᠪᠢᠳᠡ ᠠᠩᠬ᠎ᠠ ᠵᠡᠷᠭᠡ ᠶᠢᠨ ᠴᠠᠰᠤᠨ ᠳᠤ ᠭᠤᠯᠭᠤᠬᠤ 2 ᠵᠠᠮ᠂ ᠳᠤᠮᠳᠠ ᠵᠡᠷᠭᠡ ᠶᠢᠨ ᠴᠠᠰᠤᠨ ᠳᠤ ᠭᠤᠯᠭᠤᠬᠤ 2 ᠵᠠᠮ᠂ ᠳᠤᠮᠳᠠ ᠵᠡᠷᠭᠡ ᠶᠢᠨ ᠴᠠᠰᠤᠨ ᠳᠤ ᠭᠤᠯᠭᠤᠬᠤ 1 ᠵᠠᠮ᠂ ᠵᠢᠭᠠᠨ ᠰᠤᠷᠭᠠᠬᠤ ᠴᠠᠰᠤᠨ ᠳᠤ ᠭᠤᠯᠭᠤᠬᠤ 1 ᠵᠠᠮ ᠵᠢᠴᠢ 10 ᠲᠦᠮᠡᠨ ᠲᠡᠭᠰᠢ ᠳᠥᠷᠪᠡᠯᠵᠢᠨ ᠮᠧᠲᠷ ᠤᠨ ᠴᠠᠰᠤᠨ ᠳᠤ ᠭᠤᠯᠭᠤᠬᠤ ᠴᠡᠩᠭᠡᠯ ᠤᠨ ᠬᠦᠷᠢᠶᠡᠯᠡᠩ ᠭᠠᠷᠭᠠᠵᠤ᠂ ᠠᠳᠠᠯᠢ ᠪᠤᠰᠤ ᠨᠠᠰᠤᠨ ᠤ ᠳᠡᠰ ᠤᠨ ᠵᠤᠭᠠᠴᠠᠭᠰᠠᠳ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠮᠥᠰᠥ ᠴᠠᠰᠤᠨ ᠤ ︿ᠬᠦᠢᠲᠡᠨ ᠡᠬᠢ ᠪᠠᠶᠠᠯᠢᠭ﹀ ᠢ ᠦᠨᠡᠨᠬᠦ ᠵᠢᠭᠤᠯᠴᠢᠯᠠᠯ ᠤᠨ ︿ᠬᠠᠯᠠᠭᠤᠨ ᠠᠵᠤ ᠠᠬᠤᠢ﹀ ᠪᠣᠯᠭᠠᠭᠰᠠᠨ ᠪᠠᠶᠢᠨ᠎ᠠ᠃︾ ᠭᠡᠵᠦ ᠴᠠ ᠬᠠᠨ ᠶᠢᠩ ᠴᠠᠰᠤᠨ ᠳᠤ ᠭᠤᠯᠭᠤᠬᠤ ᠲᠠᠯᠠᠪᠠᠢ ᠶᠢᠨ ᠶᠡᠷᠦᠩᠬᠡᠢ ᠳᠠᠭᠠᠭᠠᠮᠠᠯ ᠸᠠᠩ ᠹᠧᠩ ᠲᠠᠨᠢᠯᠴᠠᠭᠤᠯᠪᠠ᠃     ᠣᠶᠢᠷ᠎ᠠ ᠳᠤ᠂ ᠴᠥᠭᠡᠨ ᠪᠤᠰᠤ ᠭᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠪᠠ ᠸᠠᠩ ᠾᠧ ᠬᠦᠷᠬᠢᠷ᠎ᠡ ᠶᠢᠨ ᠮᠥᠰᠥ ᠴᠠᠰᠤᠨ ᠤ ᠶᠢᠷᠲᠢᠨᠴᠦ ᠪᠠᠷ ᠵᠤᠭᠠᠴᠠᠨ ᠲᠣᠭᠤᠷᠢᠵᠤ᠂ ᠮᠥᠰᠥ ᠴᠠᠰᠤᠨ ᠤ ᠷᠢᠳᠢ ᠰᠢᠳᠢ ᠶᠢ ᠰᠣᠨᠢᠷᠬᠠᠨ᠂ ᠡᠪᠦᠯ ᠤᠨ ᠤᠯᠠᠷᠢᠯ ᠳᠤ ᠯᠠ ᠪᠠᠶᠢᠳᠠᠭ ᠵᠤᠭ᠎ᠠ ᠴᠡᠩᠭᠡᠯ ᠤᠨ ᠪᠡᠶ᠎ᠡ ᠴᠢᠭᠢᠷᠠᠭᠵᠢᠭᠤᠯᠬᠤ ᠬᠡᠯᠪᠡᠷᠢ ᠪᠠᠷ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠪᠡ᠃     ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠬᠥᠭᠵᠢᠭᠦᠯᠬᠦ ᠠᠬᠤᠢ ᠪᠠᠶᠢᠳᠠᠯ ᠤᠨ ᠳᠣᠣᠷ᠎ᠠ᠂ ᠰᠣᠶᠣᠯ ᠵᠢᠭᠤᠯᠴᠢᠯᠠᠯ ᠤᠨ ᠰᠢᠯᠢᠳᠡᠭ ᠡᠬᠢ ᠪᠠᠶᠠᠯᠢᠭ ᠲᠤ ᠲᠦᠰᠢᠭᠯᠡᠨ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠳᠠᠷᠰᠢᠯ ᠢ ᠶᠡᠬᠡᠪᠡᠷ ᠬᠥᠭᠵᠢᠭᠦᠯᠦᠨ ᠪᠤᠵᠠᠭᠠᠶᠢᠷᠠᠭᠤᠯᠪᠠ᠃ ᠤᠯᠠᠭᠠᠨᠴᠠᠪ ᠤᠨ ︽ᠭᠠᠷᠠᠭ ᠤᠨ ᠰᠡᠭᠦᠯᠴᠢ ᠶᠢᠨ ᠵᠤᠭᠠᠴᠠᠯ  ᠳᠥᠷᠪᠡᠨ ᠤᠯᠠᠷᠢᠯ ᠤᠨ ᠵᠤᠭᠠᠴᠠᠬᠤ ᠰᠠᠶᠢᠬᠠᠨ ᠭᠠᠵᠠᠷ︾ ᠭᠡᠬᠦ ᠮᠥᠰᠥ ᠴᠠᠰᠤᠨ ᠤ ᠵᠢᠭᠤᠯᠴᠢᠯᠠᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ  ᠶᠢ ᠣᠨᠴᠠᠭᠠᠶᠢᠯᠠᠨ ᠥᠷᠨᠢᠭᠦᠯᠵᠦ᠂ ᠲᠣᠰ ᠠᠵᠢᠯᠯᠠᠭ᠎ᠠ ᠳᠤ ᠪᠥᠬᠦ ᠠᠷᠠᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ‍ᠤᠨ‌‍ᠴᠤᠭᠯᠠᠭᠠᠨ᠂ ᠮᠥᠰᠥ ᠴᠠᠰᠤᠨ ᠤ ᠡᠷᠡᠭᠦᠯ ᠮᠡᠨᠳᠦ ᠶᠢᠨ ᠰᠤᠪᠢᠯᠠᠯᠲᠠ ᠶᠢᠨ ᠪᠡᠭᠡᠵᠢᠩ ᠤᠨ ᠲᠤᠰᠬᠠᠢ ᠴᠤᠪᠤᠭ᠎ᠠ ᠲᠡᠷᠭᠡ ᠶᠢᠨ ᠠᠵᠢᠯᠯᠠᠭ᠎ᠠ᠂ ᠤᠯᠠᠭᠠᠨᠴᠠᠪ ᠤᠨ ︽ᠤᠯᠠᠭᠠᠨᠮᠧᠶ︾ ᠴᠠᠭᠠᠨ ᠰᠠᠷ᠎ᠠ ᠶᠢᠨ ᠴᠡᠴᠡᠷᠯᠢᠭ ᠤᠨ ᠨᠠᠶᠢᠷ ᠵᠡᠷᠭᠡ ᠪᠠᠭᠲᠠᠨ᠎ᠠ᠃ ᠮᠠᠨ ᠤ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠲᠥᠷᠥᠯᠬᠢ ᠳᠠᠪᠠᠭᠤᠯᠢᠭ ᠢ ᠠᠰᠢᠭᠯᠠᠨ᠂ ᠬᠦᠢᠲᠡᠨ ᠡᠬᠢ ᠪᠠᠶᠠᠯᠢᠭ ᠢ ᠬᠠᠯᠠᠭᠤᠨ ᠠᠵᠤ ᠦᠢᠯᠡᠰ ᠪᠣᠯᠭᠠᠨ ᠬᠤᠪᠢᠷᠠᠭᠤᠯᠵᠤ᠂ ᠮᠥᠰᠥ ᠴᠠᠰᠤᠨ ᠤ ᠵᠢᠭᠤᠯᠴᠢᠯᠠᠯ᠂ ᠪᠥᠬᠦ ᠴᠠᠷᠠᠭᠠᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ︽ᠰᠣᠶᠣᠯ +︾ ︽ᠵᠢᠭᠤᠯᠴᠢᠯᠠᠯ +︾ ︽ᠮᠥᠰᠥ ᠴᠠᠰᠤ +︾ ᠵᠡᠷᠭᠡ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠮᠥᠰᠥ ᠴᠠᠰᠤ + ᠬᠠᠯᠠᠭᠤᠨ ᠷᠠᠰᠢᠶᠠᠨ + ᠠᠷᠠᠳ ᠤᠨ ᠵᠠᠩ ᠦᠶᠯᠡ ᠵᠡᠷᠭᠡ ᠡᠯᠪᠡᠭ ᠪᠠᠶᠠᠯᠢᠭ ᠣᠯᠠᠨ ᠶᠠᠩᠵᠤ ᠶᠢᠨ ᠰᠣᠳᠣᠨ ᠵᠠᠮ ᠱᠤᠭᠤᠮ ᠢ ᠨᠡᠭᠡᠭᠡᠨ ᠭᠠᠷᠭᠠᠵᠤ᠂ ᠥᠷᠭᠡᠨ ᠣᠯᠠᠨ ᠵᠢᠭᠤᠯᠴᠢᠯᠠᠭᠴᠢᠳ ᠤᠨ ᠰᠣᠶᠣᠯ ᠵᠢᠭᠤᠯᠴᠢᠯᠠᠯ ᠰᠡᠯᠡᠭᠦᠴᠡᠯ ᠤᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠭᠰᠠᠨ ᠪᠠᠶᠢᠨ᠎ᠠ᠃                               ᠵᠣᠬᠢᠶᠠᠭᠴᠢ᠄ ᠯᠢ ᠤᠣ ᠮᠢᠨ                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2