ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠬᠤᠸᠠᠩ ᠶᠠ ᠯᠢ ᠨᠠᠷ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/1/30
    1 ᠳ᠋ᠤᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠮᠠᠨ ᠤ ᠬᠤᠲᠠ ᠳᠤ ᠢᠷᠡᠵᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠨᠠᠷ ᠲᠠᠢ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠵᠡᠷᠭᠡ ᠤᠴᠢᠷ ᠶᠠᠪᠤᠳᠠᠯ ᠤᠨ ᠲᠤᠬᠠᠢ ᠶᠠᠷᠢᠯᠴᠠᠵᠤ ᠰᠣᠯᠢᠯᠴᠠᠪᠠ᠃     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢᠶᠣᠤ ᠶᠦᠨ ᠯᠢ᠂ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠵᠣᠣ · ᠡᠷᠳᠡᠨᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠤᠯ ᠬᠥ᠋ ᠵᠢᠶᠠᠨ ᠹᠧᠩ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃     ᠬᠤᠸᠠᠩ ᠶᠠ ᠯᠢ ᠨᠠᠷ ᠤᠷᠢᠳ ᠬᠤᠵᠢᠳ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠴᠠᠪ ᠬᠤᠳᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠢᠴᠢ ᠮᠠᠨ ᠤ ᠬᠤᠳᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃     ᠶᠠᠷᠢᠯᠴᠠᠬᠤ ᠬᠤᠷᠠᠯ ᠳᠡᠭᠡᠷ᠎ᠡ᠂ ᠰᠦᠢ ᠸᠧᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠤᠯᠠᠭᠠᠨᠴᠠᠪ ᠬᠤᠳᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ 2023 ᠣᠨ ᠳᠤ᠂ ᠤᠯᠠᠭᠠᠨᠴᠠᠪ ᠬᠤᠲᠠ ᠶᠢᠨ ᠬᠢᠨ ᠨᠡᠶᠢᠭᠡᠮ ᠤᠨ ᠬᠥᠷᠥᠩᠭᠡ ᠶᠢᠨ ᠣᠷᠤᠯᠴᠠᠬᠤ ᠣᠷᠣᠨ ᠵᠠᠢ ᠶᠢ ᠢᠳᠡᠪᠬᠢᠲᠡᠢ ᠪᠠᠷ ᠥᠷᠭᠡᠳᠬᠡᠵᠦ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠯ᠂ ᠦᠢᠯᠡᠳᠪᠦᠷᠢᠯᠡᠯ ᠪᠠ ᠪᠣᠯᠪᠠᠰᠤᠷᠠᠯ ᠤᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠵᠠᠭᠪᠤᠷ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠲᠥᠯᠦᠪᠵᠢᠭᠦᠯᠭᠡ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠶᠢ ᠳᠡᠮᠵᠢᠬᠦ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠭᠬᠦ ᠶᠢ ᠬᠦᠰᠡᠵᠤ ᠪᠠᠶᠢᠨ᠎ᠠ ᠭᠡᠵᠡᠢ᠃     ᠬᠤᠸᠠᠩ ᠶᠠ ᠯᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠠᠯᠲᠠ ᠲᠣᠳᠣᠷᠬᠠᠢ᠂ ᠠᠷᠭ᠎ᠠ ᠬᠡᠮᠵᠢᠶ᠎ᠡ ᠬᠦᠴᠦᠲᠡᠢ ᠪᠠᠶᠢᠨ᠎ᠠ᠃ ᠤᠯᠠᠭᠠᠨᠴᠠᠪ ᠬᠤᠳᠠ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠠᠵᠤ ᠠᠬᠤᠶᠢᠯᠠᠯ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠣᠨᠴᠠᠯᠢᠭᠲᠤ ᠰᠤᠷᠭᠠᠭᠤᠯᠢ ᠡᠷᠬᠢᠯᠡᠬᠦ ᠶᠢ ᠪᠠᠷᠢᠮᠲᠠᠯᠠᠵᠤ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠤᠯᠠᠭᠠᠨᠴᠠᠪ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠪᠥᠬᠦ ᠲᠠᠯ᠎ᠠ ᠶᠢᠨ ᠪᠠᠲᠤᠯᠠᠭ᠎ᠠ ᠬᠠᠩᠭᠠᠵᠤ᠂ ᠬᠦᠷᠢᠶᠡᠯᠡᠩ ᠲᠣᠭᠤᠷᠢᠭ ᠢ ᠠᠯᠢ ᠲᠦᠷᠭᠡᠨ ᠢᠶᠠᠷ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ ᠭᠡᠵᠤ ᠢᠯᠡᠷᠬᠡᠶᠢᠯᠡᠪᠡ᠃                              ᠵᠣᠬᠢᠶᠠᠭᠴᠢ᠄ ᠳ᠋ᠠᠢ ᠰᠢᠤᠸᠠᠢ                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2