| | ᠴᠠᠭᠠᠨ ᠰᠠᠷ᠎ᠠ ᠶᠢᠨ ᠲᠤᠯᠤᠭᠠᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ᠂ ᠰᠢᠩ ᠡᡁᠧ ᠰᠢᠶᠠᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶ᠎ᠡ ᠬᠢᠨᠠᠨ ᠬᠠᠮᠢᠶᠠᠷᠬᠤ ᠡᠭᠦᠷᠭᠡ ᠴᠢᠳᠠᠪᠬᠢ ᠪᠠᠨ | ᠭᠦᠢᠴᠡᠳ ᠪᠠᠳᠠᠷᠠᠭᠤᠯᠵᠤ᠂ ᠢᠳᠡᠰᠢᠨ ᠨᠣᠭᠤᠭ᠎ᠠ ᠶᠢᠨ ᠦᠨ᠎ᠡ᠂ ᠮᠢᠬᠠᠨ ᠤ ᠦᠨ᠎ᠡ ᠶᠢ ᠲᠣᠭᠲᠠᠪᠤᠷᠢᠵᠢᠭᠤᠯᠬᠤ | ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠢᠳᠡᠭᠡᠨ ᠤ ᠵᠦᠢᠯ᠂ ᠡᠮ ᠤᠨ ᠵᠦᠢᠯ ᠵᠡᠷᠭᠡ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠤᠳᠤᠷᠢᠳᠤᠯᠭ᠎ᠠ ᠡᠭᠡᠯᠵᠢ ᠳᠠᠭᠠᠭᠤᠯᠬᠤ | ᠲᠦᠷᠢᠮ ᠢ ᠬᠡᠷᠡᠭᠵᠢᠭᠦᠯᠬᠦ ᠶᠢ ᠪᠠᠷᠢᠮᠲᠠᠯᠠᠵᠤ᠂ ᠲᠤᠰᠬᠠᠢ ᠬᠥᠮᠦᠨ ᠵᠢᠭᠠᠨ ᠲᠣᠭᠲᠠᠭᠠᠵᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠭᠤᠯᠪᠠ᠃ 12315 ᠵᠠᠭᠠᠯᠳᠤᠯᠭ᠎ᠠ | ᠢᠯᠡᠴᠢᠯᠡᠨ ᠮᠡᠳᠡᠭᠦᠯᠦᠯᠲᠡ ᠳᠤ ᠵᠢᠵᠢᠭᠦᠷᠯᠡᠭᠴᠢ ᠲᠣᠬᠢᠷᠠᠭᠤᠯᠵᠤ ᠬᠡᠷᠡᠭᠯᠡᠭᠴᠢᠳ ᠤᠨ ᠵᠠᠭᠠᠯᠳᠤᠯᠭ᠎ᠠ ᠶᠢ ᠬᠦᠯᠢᠶᠡᠨ | ᠠᠪᠴᠤ ᠰᠢᠶᠳᠪᠦᠷᠢᠯᠡᠬᠦ ᠶᠢ ᠬᠠᠷᠢᠭᠤᠴᠠᠭᠤᠯᠵᠤ᠂ ᠬᠦᠯᠢᠶᠡᠨ ᠠᠪᠤᠭᠰᠠᠨ ᠤ ᠳᠠᠷᠠᠭ᠎ᠠ ᠴᠠᠭ ᠲᠤᠬᠠᠶ ᠳᠤᠨᠢ | ᠰᠢᠢᠳᠪᠦᠷᠢᠯᠡᠪᠡ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠲᠣᠰ ᠰᠢᠶᠠᠨ ᠤ ᠬᠢᠨ ᠬᠠᠤᠯᠢ ᠬᠡᠷᠡᠭᠵᠢᠭᠦᠯᠬᠦ | ᠠᠵᠢᠯᠲᠠᠨ 33 ᠬᠥᠮᠦᠨ᠂ ᠮᠠᠰᠢᠨ ᠲᠡᠷᠭᠡ 11 ᠰᠠᠤᠷᠢ ᠤᠳᠠᠭ᠎ᠠ᠂ ᠬᠡᠲᠦ ᠳᠡᠯᠭᠡᠭᠦᠷ 5᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ 1᠂ ᠢᠳᠡᠭᠡᠨ ᠤ ᠳᠡᠯᠭᠡᠭᠦᠷ 30᠂ ᠤᠰᠤᠨ ᠤ ᠭᠠᠷᠤᠯᠲᠠ 4᠂ ᠮᠢᠬᠠᠨ ᠤ | ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠳᠡᠯᠭᠡᠭᠦᠷ 14᠂ ᠢᠳᠡᠭᠡᠨ | ᠤᠮᠳᠠᠭᠠᠨ ᠤ ᠦᠶᠯᠡᠴᠢᠯᠡᠭᠡᠨ ᠤ ᠨᠢᠭᠡᠴᠢ 17᠂ ᠡᠮ ᠤᠨ ᠳᠡᠯᠭᠡᠭᠦᠷ ᠢ 6 ᠪᠠᠶᠢᠴᠠᠭᠠᠵᠠᠶ᠃ ᠬᠡᠷᠡᠭᠯᠡᠭᠡ ᠶᠢᠨ ᠲᠤᠬᠠᠶ | ᠵᠠᠭᠠᠯᠳᠤᠯᠭ᠎ᠠ ᠦᠭᠡᠶ᠂ ᠵᠠᠬ᠎ᠠ ᠳᠡᠯᠭᠡᠭᠦᠷ ᠤᠨ ᠬᠠᠩᠭᠠᠯᠭ᠎ᠠ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |