ᠬᠤᠲᠠ ᠶᠢᠨ ᠤᠳᠤᠷᠢᠳᠤᠯᠭ᠎ᠠ ᠬᠤᠷᠠᠯ ᠡᠷᠭᠢᠯᠡᠨ ᠬᠤᠷᠠᠯᠳᠤᠭᠤᠯᠵᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠰᠤᠳᠤᠯᠪᠠ
ᠨᠡᠶᠢᠲᠡᠯᠡᠭᠰᠡᠨ ᠴᠠᠭ᠄
2023/10/10
   10 ᠰᠠᠷ᠎ᠠ ᠶᠢᠨ 9 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠪᠠ᠃    ᠢᠦᠢ ᠬᠠᠢ ᠴᠧᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠦᠷᠦᠭᠦᠯᠡᠨ ᠬᠢᠬᠦ ᠪᠠ ᠬᠠᠮᠵᠢᠯᠴᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠲᠥᠰᠥᠯ︾ ᠤᠨ ᠭᠤᠣᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠵᠤ᠂ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠰᠢᠢᠳᠪᠦᠷᠢᠯᠡᠬᠦ ᠰᠡᠳᠬᠢᠬᠦᠢ ᠪᠠᠨ ᠴᠢᠩᠭᠠᠷᠠᠭᠤᠯᠵᠤ᠂ ᠣᠯᠠᠨ ᠠᠷᠭ᠎ᠠ ᠵᠠᠮ ᠢᠶᠠᠷ ᠲᠥᠷᠥᠯ ᠵᠦᠢᠯ ᠤᠨ ᠪᠡᠯᠡ ᠮᠥᠩᠭᠦ ᠶᠢ ᠲᠡᠮᠡᠴᠡᠨ ᠣᠯᠵᠤ᠂ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠶᠢᠨ ᠬᠠᠮᠲᠤ ᠰᠠᠶᠢᠲᠤᠷ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠡᠷᠭᠡ ᠶᠢ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠦᠷᠢᠯᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠠᠷᠢᠭᠤᠨ ᠴᠡᠪᠡᠷ ᠢᠶᠠᠷ ᠳᠤᠯᠠᠭᠠᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠴᠠᠬᠢᠯᠭᠠᠨ ᠬᠦᠴᠦᠨ ᠤ ᠪᠠᠲᠤᠯᠠᠭ᠎ᠠ ᠶᠢ ᠴᠢᠩᠭᠠᠷᠠᠭᠤᠯᠤᠨ᠂ ᠲᠠᠷᠢᠶᠠᠴᠢᠨ ᠡᠷᠦᠬᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2