ᠮᠠᠨ ᠤ ᠬᠤᠲᠠ ᠶᠢᠨ 6 ᠬᠤᠪᠢᠰᠬᠠᠯ ᠤᠨ ᠦᠵᠡᠮᠵᠢ ᠶᠢᠨ ᠣᠷᠣᠨ ᠥᠪᠥᠷ ᠮᠣᠩᠭᠤᠯ ᠤᠨ ᠠᠷᠪᠠᠨ ᠶᠡᠭᠡ ᠬᠤᠪᠢᠰᠬᠠᠯ ᠤᠨ ᠰᠤᠳᠤᠯᠭᠠᠨ ᠤ ᠤᠬᠠᠭᠠᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2023/10/10
    10 ᠳ᠋ᠤᠭᠠᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠰᠣᠶᠣᠯ ᠤᠨ ᠪᠠᠶᠢᠭᠤᠯᠤᠯᠲᠠ ᠶᠢᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠤᠪᠢᠰᠬᠠᠯ ᠤᠨ ᠰᠤᠳᠤᠯᠭᠠᠨ ᠤ ᠤᠬᠠᠭᠠᠨ᠂ ᠬᠤᠪᠢᠰᠬᠠᠯ ᠤᠨ ᠵᠢᠭᠤᠯᠴᠢᠯᠠᠯ ᠢ ᠬᠠᠷᠢᠯᠴᠠᠨ ᠤᠶᠠᠯᠳᠤᠭᠤᠯᠵᠤ᠂ ᠪᠥᠬᠦ ᠣᠷᠣᠨ ᠤ ᠠᠷᠪᠠᠨ ᠲᠣᠮᠣ ᠰᠣᠳᠣᠨ ᠵᠠᠮ ᠱᠤᠭᠤᠮ ᠢ ᠪᠣᠶ ᠪᠣᠯᠭᠠᠪᠠ᠃ ᠵᠤᠭᠠᠴᠠᠭᠰᠠᠳ ᠬᠤᠪᠢᠰᠬᠠᠯ ᠤᠨ ᠦᠵᠡᠮᠵᠢ ᠶᠢᠨ ᠣᠷᠣᠨ ᠢ ᠲᠣᠭᠤᠷᠢᠨ ᠦᠵᠡᠬᠦ ᠪᠠᠷ ᠳᠠᠮᠵᠢᠨ ᠥᠪᠥᠷ ᠮᠣᠩᠭᠤᠯ ᠤᠨ ᠡᠨᠡᠬᠦ ᠨᠤᠲᠤᠭ ᠳᠡᠪᠢᠰᠬᠡᠷ ᠳᠡᠭᠡᠷ᠎ᠡ ᠡᠭᠦᠰᠦᠭᠰᠡᠨ ᠬᠤᠪᠢᠰᠬᠠᠯ ᠤᠨ ᠲᠡᠦᠬᠡ ᠶᠢ ᠣᠶᠢᠯᠠᠭᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ︽ᠤᠮᠠᠷᠠᠲᠤ ᠬᠢᠯᠢ ᠶᠢᠨ ᠰᠣᠶᠣᠯ︾  ᠤᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠠᠴᠢ ᠬᠤᠯᠪᠣᠭᠳᠠᠯ ᠲᠠᠢ ᠶᠤᠮ᠃     ᠡᠭᠦᠨ ᠳᠤ᠂ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯᠲᠤ ᠬᠦᠷᠢᠶᠡᠯᠡᠩ᠂ ᠯᠢᠶᠡᠩᠴᠧᠩ ᠰᠢᠶᠠᠨ ᠤ ᠵᠢᠩ ᠨᠧᠩ ᠲᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ᠂ ᠯᠢᠶᠡᠩᠴᠧᠩ ᠰᠢᠶᠠᠨ ᠤ ᠾᠧ ᠯᠦᠩ ᠳᠤᠷᠠᠰᠬᠠᠯ ᠤᠨ ᠣᠷᠳᠣᠨ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠦᠢᠶᠤᠸᠠᠨ ᠤ ᠳᠤᠮᠳᠠ ᠬᠡᠰᠡᠭ ᠤᠨ ᠶᠠᠫᠤᠨ ᠢ ᠡᠰᠡᠷᠭᠦᠴᠡᠬᠦ ᠳᠠᠶᠢᠨ ᠤ ᠬᠤᠪᠢᠰᠬᠠᠯ ᠤᠨ ᠵᠤᠭᠠᠴᠠᠯ ᠤᠨ ᠬᠥᠮᠦᠵᠢᠯ ᠤᠨ ᠰᠠᠭᠤᠷᠢᠨ ᠭᠠᠵᠠᠷ᠂ ᠳᠥᠷᠪᠡᠳ ᠬᠤᠰᠢᠭᠤᠨ ᠤ ᠮᠦᠽᠧᠢ ︵ᠲᠦᠬᠢᠮ᠎ᠡ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠦᠵᠡᠭᠦᠯᠭᠡ ᠶᠢᠨ ᠲᠢᠩᠬᠢᠮ︶ ᠨᠢ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ · ᠬᠤᠪᠢᠰᠬᠠᠯᠲᠤ ᠳᠠᠶᠢᠨ ᠤ ᠬᠤᠪᠢᠰᠬᠠᠯ ᠤᠨ ᠰᠤᠳᠤᠯᠭᠠᠨ ᠤ ᠵᠤᠭᠠᠴᠠᠯ ᠤᠨ ᠱᠤᠭᠤᠮ ᠳᠤ ᠵᠢᠭᠰᠠᠭᠠᠭᠳᠠᠪᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2