︽ᠳᠤᠯᠠᠭᠠᠯᠠᠭ᠎ᠠ︾ ᠶᠢᠨ ᠠᠷᠠᠳ ᠤᠨ ᠠᠮᠢᠳᠤᠷᠠᠯ ᠢ ᠪᠠᠲᠤᠯᠠᠵᠤ ᠬᠤᠸᠠᠳᠧ ᠰᠢᠶᠠᠨ ᠢᠯᠴᠢ ᠶᠢᠨ ᠬᠠᠩᠭᠠᠯᠭ᠎ᠠ ᠶᠢ ᠵᠢᠩᠬᠢᠨᠢ ᠪᠠᠷ ᠡᠬᠢᠯᠡᠭᠦᠯᠵᠡᠢ
ᠨᠡᠶᠢᠲᠡᠯᠡᠭᠰᠡᠨ ᠴᠠᠭ᠄
2023/10/10
    10 ᠰᠠᠷ᠎ᠠ ᠶᠢᠨ 7 ᠤ ᠡᠳᠦᠷ᠂ ᠬᠦᠢᠲᠡᠨ ᠠᠭᠤᠷ ᠠᠮᠢᠰᠬᠤᠯ ᠤᠨ ᠨᠥᠯᠥᠭᠡᠯᠡᠯ ᠢᠶᠠᠷ᠂ ᠵᠦᠰᠡᠷ ᠪᠣᠷᠣᠭᠠᠨ ᠦᠷᠭᠦᠯᠵᠢᠯᠡᠵᠦ᠂ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠬᠤᠲᠠ ᠶᠢᠨ ᠲᠣᠭᠤᠷᠢᠭ ᠤᠨ ᠳᠤᠯᠠᠭᠠᠯᠠᠭ᠎ᠠ ᠶᠢᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠡᠪᠦᠯ ᠤᠨ ᠤᠯᠠᠷᠢᠯ ᠢ ᠳᠤᠯᠠᠭᠠᠨ ᠪᠦᠯᠢᠶᠡᠨ ᠥᠯᠵᠡᠢ ᠪᠡᠯᠭᠡ ᠲᠠᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠢᠳᠡᠪᠬᠢᠲᠡᠢ ᠵᠣᠬᠢᠴᠠᠭᠤᠯᠭ᠎ᠠ ᠪᠠᠷ ᠳᠡᠮᠵᠢᠨ᠂ ᠬᠤᠸᠠᠳᠧ ᠰᠢᠶᠠᠨ ᠤ ᠰᠢᠩ  ᠳ᠋ᠧ᠂ ᠱᠧᠨ ᠰᠢᠩ᠂ ᠶᠤᠸᠠᠨ ᠲᠦᠩ ᠵᠡᠷᠭᠡ ᠡᠯ᠎ᠡ ᠢᠯᠴᠢ ᠶᠢᠨ ᠬᠦᠴᠦᠨ ᠤ ᠺᠣᠮᠫᠠᠨᠢ 10 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨᠠᠬᠢ 2 ᠴᠠᠭ 30 ᠮᠢᠨᠦ᠋ᠲ ᠠᠴᠠ ᠡᠬᠢᠯᠡᠨ ᠵᠠᠯᠭᠠᠭ᠎ᠠ ᠪᠠᠷ ᠳᠤᠯᠠᠭᠠᠯᠠᠭ᠎ᠠ ᠬᠠᠩᠭᠠᠨ᠎ᠠ᠂ ᠡᠨᠡ ᠨᠢ ᠬᠤᠸᠠᠳᠧ ᠰᠢᠶᠠᠨ ᠤ ᠬᠠᠷᠢᠶ᠎ᠠ ᠲᠣᠭᠤᠷᠢᠭ ᠤᠨ 2023 ︱ 2024 ᠳᠤᠯᠠᠭᠠᠯᠠᠭ᠎ᠠ ᠶᠢᠨ ᠬᠤᠭᠤᠴᠠᠭᠠᠨ ᠳᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ ᠲᠦᠭ ᠲᠦᠮᠡᠨ ᠠᠶᠢᠯ ᠡᠷᠦᠬᠡ ᠶᠢ ᠳᠤᠯᠠᠭᠠᠯᠠᠵᠤ᠂ ᠠᠷᠠᠳ ᠣᠯᠠᠨ ᠤ ᠰᠡᠳᠬᠢᠯ ᠢ ᠨᠠᠩ ᠳᠤᠯᠠᠭᠠᠴᠠᠭᠤᠯᠤᠭᠰᠠᠨ ᠢ ᠬᠠᠷᠠᠭᠤᠯᠵᠤ ᠪᠠᠶᠢᠨ᠎ᠠ᠃     ᠬᠤᠸᠠᠳᠧ ᠰᠢᠶᠠᠨ ᠳᠤ ᠣᠳᠣᠬᠠᠨ ᠳᠤ ᠨᠡᠶᠢᠲᠡ 4 ᠢᠯᠴᠢ ᠬᠠᠩᠭᠠᠬᠤ ᠺᠣᠮᠫᠠᠨᠢ᠂ 5 ᠢᠯᠴᠢ ᠬᠠᠩᠭᠠᠬᠤ ᠦᠢᠯᠡᠳᠪᠦᠷᠢ ᠲᠠᠢ᠂ ᠢᠯᠴᠢ ᠬᠠᠩᠭᠠᠬᠤ ᠶᠡᠷᠦᠩᠬᠡᠢ ᠲᠠᠯᠠᠪᠠᠢ ᠨᠢ 326.4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠢᠯᠴᠢ ᠬᠠᠩᠭᠠᠯᠳᠡ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ ᠂ ᠬᠤᠸᠠᠳᠧ ᠰᠢᠶᠠᠨ ᠤ ᠡᠯ᠎ᠡ ᠢᠯᠴᠢ ᠬᠠᠩᠭᠠᠬᠤ ᠠᠵᠤ ᠠᠬᠤᠶᠢᠯᠠᠯ ᠤᠨ ᠠᠵᠢᠯᠯᠠᠭ᠎ᠠ᠂ ᠲᠣᠬᠢᠷᠠᠭᠤᠯᠭ᠎ᠠ᠂ ᠵᠠᠪᠳᠤᠨ ᠵᠠᠰᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠪᠤᠷᠢ ᠵᠡᠷᠭᠡ ᠰᠠᠯᠠᠭ᠎ᠠ ᠮᠥᠴᠢᠷ ᠤᠨ ᠬᠢᠨ ᠠᠵᠢᠯᠲᠠᠨ ᠢ ᠡᠳᠦᠷ ᠰᠥᠨᠢ ᠦᠭᠡᠢ ᠠᠵᠢᠯ ᠤᠨ ᠪᠠᠶᠢᠷᠢ ᠪᠠᠨ ᠪᠠᠲᠤ ᠰᠠᠬᠢᠭᠤᠯᠵᠤ᠂ ᠢᠯᠴᠢ ᠬᠡᠷᠡᠭᠯᠡᠬᠦ ᠡᠷᠦᠬᠡ ᠶᠢᠨ ᠢᠯᠴᠢ ᠬᠡᠷᠡᠭᠯᠡᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠨ ᠰᠢᠢᠳᠪᠦᠷᠢᠯᠡᠵᠦ᠂ ᠬᠤᠳᠠ ᠶᠢᠨ ᠲᠣᠭᠤᠷᠢᠭ ᠤᠨ 30915 ᠡᠷᠦᠬᠡ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠠᠷ ᠪᠠᠶᠢᠨ᠎ᠠ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2