ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/11
   10 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠤᠨ ᠡᠭᠦᠷᠭᠡ ᠶᠢᠨ ᠨᠠᠷᠢᠨ ᠲᠠᠩᠰᠠ ᠶᠢ ᠬᠢᠨᠠᠨ ᠶᠠᠷᠢᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ ᠪᠣᠯᠣᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠥᠷᠨᠢᠭᠦᠯᠬᠦ ᠬᠡᠷᠡᠭᠲᠡᠢ᠃ ᠬᠠᠮᠵᠢᠯᠴᠠᠬᠤ ᠪᠠᠨ ᠴᠢᠩᠭᠠᠳᠬᠠᠵᠤ᠂ ᠳᠥᠷᠪᠡᠳᠦᠭᠡᠷ ᠤᠯᠠᠷᠢᠯ ᠳᠤ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠢᠷᠡᠬᠦ ᠵᠢᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠠᠵᠢᠯᠯᠠᠭ᠎ᠠ ᠵᠡᠷᠭᠡ ᠡᠯ᠎ᠡ ᠵᠦᠢᠯ ᠤᠨ ᠠᠵᠢᠯ ᠢ ᠡᠷᠲᠡᠬᠡᠨ ᠲᠥᠯᠥᠪᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2