ᠵᠢᠨᠢᠩ ᠲᠣᠭᠤᠷᠢᠭ ᠤᠨ 9 ᠰᠠᠷ᠎ᠠ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ︽ᠪᠦᠷᠢᠨ ᠴᠢᠳᠠᠮᠵᠢᠳᠦ ᠺᠠᠷᠲ︾ ᠢ ᠨᠢᠭᠡᠨᠲᠡ ᠲᠠᠷᠬᠠᠭᠠᠪᠠ
ᠨᠡᠶᠢᠲᠡᠯᠡᠭᠰᠡᠨ ᠴᠠᠭ᠄
2023/10/11
    ᠨᠥᠬᠦᠪᠦᠷᠢ ᠶᠢᠨ ᠪᠡᠯᠡ ᠮᠥᠩᠭᠦ ᠶᠢᠨ ᠲᠠᠷᠬᠠᠭᠠᠯᠲᠠ ᠶᠢ ᠢᠯᠡ᠂ ᠲᠥᠪ ᠭᠤᠥᠯᠴᠢ᠂ ᠵᠢᠷᠤᠮᠵᠢᠯ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠶᠢᠨ ᠲᠤᠰᠠᠳᠠ᠂ ᠵᠢᠨᠢᠩ ᠲᠣᠭᠤᠷᠢᠭ ᠤᠨ ᠬᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ 2023 ᠣᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠲᠠᠷᠬᠠᠭᠠᠯᠲᠠ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠣᠯᠭᠤᠬᠤ ᠵᠠᠷᠴᠢᠮ ᠶᠣᠰᠣᠭᠠᠷ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ︽ᠪᠦᠷᠢᠨ ᠴᠢᠳᠠᠮᠵᠢᠳᠦ ᠺᠠᠷᠲ︾ ᠤᠨ ᠰᠢᠰᠲ᠋ᠧᠮ ᠢᠶᠠᠷ ᠳᠠᠮᠵᠢᠭᠤᠯᠤᠨ ᠪᠣᠳᠠᠲᠠᠶᠢᠵᠢᠭᠤᠯᠪᠠ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 11236.52 ᠲᠦᠮᠡᠨ ᠲᠥᠭᠦᠷᠢᠭ ᠲᠠᠷᠬᠠᠭᠠᠵᠤ᠂ ᠨᠡᠶᠢᠲᠡ 427072 ᠬᠥᠮᠥᠨ ᠤᠳᠠᠭ᠎ᠠ ᠨᠥᠬᠦᠪᠦᠷᠢᠯᠡᠪᠡ᠃ ᠡᠭᠦᠨ ᠳᠤ᠂ ᠨᠢᠭᠡ ᠰᠢᠶᠠᠩ ᠨᠢᠭᠡ ᠪᠠᠯᠭᠠᠰᠤ ᠨᠡᠶᠢᠲᠡ 6568.23 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠤ᠂ 8 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠲᠡ 4668.29 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠠᠢ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2