ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/10/12
   10 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠠᠭᠠᠨᠴᠠᠪ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ᠂ ᠡᠮ ᠡᠮᠨᠡᠯᠭᠡ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ᠂ ᠵᠢᠭᠤᠯᠴᠢᠯᠠᠯ᠂ ᠠᠵᠤ ᠦᠢᠯᠡᠰ ᠤᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠬᠢᠨᠠᠨ ᠵᠥᠪᠯᠡᠵᠦ᠂ ︽︿ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠲᠤᠬᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠨᠠᠶᠢᠳᠠᠪᠤᠷᠢᠵᠢᠭᠤᠯᠬᠤ﹀ ᠠᠵᠢᠯ ᠤᠨ ᠠᠷᠭ᠎ᠠ ᠬᠡᠮᠵᠢᠶ᠎ᠡ︾ ︽ᠤᠯᠠᠭᠠᠨᠴᠠᠪ ᠬᠤᠲᠠ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠭᠠᠷᠳᠠᠴᠠ ᠮᠥᠨ᠂ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠬᠡᠮᠵᠢᠶᠡᠯᠡᠵᠦ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠪᠡᠭᠡᠵᠢᠩ ᠬᠤᠲᠠ ᠯᠤᠭ᠎ᠠ ᠶᠢᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠨᠡᠶᠢᠰᠯᠡᠯ ᠤᠨ ᠨᠠᠩ ᠣᠯᠠᠨ ᠡᠬᠢ ᠪᠠᠶᠠᠯᠢᠭ ᠤᠨ ᠬᠦᠴᠦᠨ ᠵᠦᠢᠯ ᠢ ᠤᠯᠠᠭᠠᠨᠴᠠᠪ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠲᠡᠳᠡᠨ ᠣᠷᠣᠭᠤᠯᠵᠤ᠂ ᠰᠢᠯᠢᠳᠡᠭ ᠰᠤᠷᠭᠠᠨ ᠬᠥᠮᠦᠵᠢᠯ᠂ ᠡᠮᠴᠢᠯᠡᠭᠡᠨ ᠤ ᠡᠬᠢ ᠪᠠᠶᠠᠯᠢᠭ ᠢ ᠬᠦᠴᠦᠯᠡᠨ ᠣᠷᠣᠭᠤᠯᠵᠤ᠂ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠥᠬᠦ ᠲᠠᠯ᠎ᠠ ᠪᠠᠷ ᠪᠣᠶ ᠪᠣᠯᠭᠠᠵᠤ᠂ ᠳᠠᠪᠠᠭᠤᠯᠢᠭ ᠠᠵᠤ ᠦᠢᠯᠡᠰ ᠤᠨ ᠰᠢᠯᠢᠳᠡᠭᠵᠢᠨ ᠬᠦᠴᠦᠷᠬᠡᠭᠵᠢᠬᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠲᠥᠷᠥᠯ ᠵᠦᠢᠯ ᠢᠶᠠᠷ ᠳᠠᠶᠢᠴᠢᠯᠠᠬᠤ ᠶᠢ ᠴᠢᠩᠭᠠᠳᠬᠠᠵᠤ᠂ ᠬᠠᠮᠵᠢᠯᠴᠠᠬᠤ ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠬᠢᠨᠠᠮᠠᠭᠠᠢ ᠡᠮᠬᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠲᠥᠷᠥᠯ ᠵᠦᠢᠯ ᠤᠨ ᠬᠠᠮᠲᠤᠷᠠᠯᠴᠠᠭ᠎ᠠ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠲᠤᠰ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠲᠣᠬᠢᠷᠠᠯᠴᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠤᠨ ᠪᠣᠯᠪᠠᠰᠤᠷᠠᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠳᠠᠪᠤᠷᠢ ᠪᠣᠯᠣᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠲᠠᠯᠠᠪᠤᠷ ᠲᠤ ᠲᠠᠮᠠᠬᠢ ᠲᠠᠲᠠᠬᠤ ᠶᠢ ᠬᠢᠵᠠᠭᠠᠷᠯᠠᠬᠤ ᠠᠵᠢᠯ ᠢ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠬᠤ ᠶᠢᠨ ᠬᠦᠴᠦᠲᠡᠢ ᠭᠠᠷᠳᠠᠴᠠ ᠪᠣᠯᠭᠠᠵᠤ᠂ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠭᠦᠢᠴᠡᠳ ᠰᠤᠷᠤᠯᠴᠠᠨ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠥᠷᠭᠡᠨ ᠳᠡᠯᠭᠡᠷ ᠤᠳᠠᠭᠠᠨ ᠳᠠᠭᠠᠭᠠᠮᠠᠭᠠᠢ ᠪᠠᠷ ᠰᠠᠶᠢᠲᠤᠷ ᠬᠢᠵᠦ᠂ ᠪᠥᠬᠦ ᠠᠷᠠᠳ ᠢᠶᠠᠷ ᠢᠶᠠᠨ ᠬᠠᠮᠲᠤᠪᠠᠷ ᠪᠠᠶᠢᠭᠤᠯᠵᠤ  ᠬᠠᠮᠲᠤᠪᠠᠷ ᠡᠳ᠋ᠯᠡᠬᠦ ᠲᠠᠮᠠᠬᠢ ᠲᠠᠲᠠᠬᠤ ᠦᠭᠡᠢ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2