ᠹᠧᠩᠵᠧᠨ ᠬᠤᠲᠠ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠲᠠᠷᠬᠠᠭᠠᠬᠤ ᠠᠵᠢᠯ ᠡᠬᠢᠯᠡᠬᠦᠯᠵᠤ ᠳᠤᠯᠠᠭᠠᠨ ᠡᠪᠦᠯ ᠦᠩᠭᠡᠷᠡᠬᠦᠯᠬᠦ ᠮᠥᠷᠲᠡᠭᠡᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/10/12
    ᠹᠧᠩᠵᠧᠨ ᠬᠤᠲᠠ ᠶᠢᠨ ᠲᠠᠷᠢᠶᠠᠴᠢᠳ ᠤᠨ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠹᠧᠩᠵᠧᠨ ᠬᠤᠲᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠠᠷᠭ᠎ᠠ ᠤᠬᠠᠭᠠᠨ ᠰᠦᠪᠡᠭᠴᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠢᠶ᠎ᠠ ᠪᠦᠬᠦᠢ ᠲᠥᠰᠥᠯ ᠢ ᠨᠠᠶᠢᠷᠠᠭᠤᠯᠤᠨ ᠵᠣᠬᠢᠶᠠᠵᠤ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠨᠡᠭᠦᠷᠡᠰᠦᠨ ᠤ ᠠᠵᠤ ᠠᠬᠤᠶᠢᠯᠠᠯ ᠲᠠᠢ ᠨᠢᠭᠡ ᠨᠢᠭᠡ ᠪᠠᠷ ᠵᠣᠯᠭᠠᠭᠤᠯᠵᠤ᠂ ᠨᠡᠭᠦᠷᠡᠰᠦᠨ ᠤ ᠶᠠᠰᠤ ᠴᠢᠨᠠᠷ ᠤᠨ ᠪᠣᠭᠤᠮᠲᠠ᠂ ᠲᠡᠭᠡᠭᠡᠪᠦᠷᠢ ᠶᠢᠨ ᠪᠣᠭᠤᠮᠲᠠ ᠶᠢ ᠴᠢᠩᠭ᠎ᠠ ᠠᠳᠬᠤᠵᠤ᠂ ᠵᠠᠭᠤᠴᠢᠨ ᠤ ᠢᠯᠴᠢ ᠶᠢᠨ ᠺᠠᠷᠲ ᠢ 5000 ᠶᠡᠭᠡ ᠺᠠᠷᠲ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠲᠤᠰ ᠤᠳᠠᠭ᠎ᠠ ᠵᠢᠱᠢᠯᠲᠡ ᠪᠠᠷ 4.6 ᠲᠦᠮᠡᠨ ᠲᠣᠨ ᠳᠤᠯᠠᠭᠠᠨ ᠨᠡᠭᠦᠷᠡᠰᠦ ᠲᠠᠷᠬᠠᠭᠠᠵᠤ ᠂ ᠪᠦᠬᠦ ᠬᠤᠳᠠ ᠶᠢᠨ ᠨᠠᠢᠮᠠᠨ ᠰᠢᠶᠠᠩ ᠪᠠᠯᠭᠠᠰᠤ ᠪᠣᠯᠣᠨ ᠬᠥᠳᠡᠭᠡ ᠲᠣᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠳᠤ ᠨᠡᠶᠢᠳᠡ 2.4 ᠲᠦᠮᠡᠨ ᠡᠷᠤᠬᠡ ᠲᠠᠷᠢᠶᠠᠴᠢᠳ ᠲᠤ ᠠᠰᠢᠭ ᠬᠦᠷᠲᠡᠭᠡᠵᠦ᠂ ᠲᠣᠰᠬᠤᠨ ᠤ ᠠᠷᠠᠳ ᠤᠯᠠᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠨ᠎ᠠ᠃     ᠹᠧᠩᠵᠧᠨ ᠬᠤᠲᠠ ᠶᠢᠨ ᠬᠢᠨ ︽ᠡᠷᠲᠡ ᠠᠴᠠ ᠪᠡᠯᠡᠳᠬᠡᠵᠦ᠂ ᠡᠷᠲᠡ ᠠᠴᠠ ᠲᠣᠬᠢᠷᠠᠭᠤᠯᠵᠤ᠂ ᠡᠷᠲᠡ ᠠᠴᠠ ᠨᠠᠶᠢᠳᠠᠪᠤᠷᠢᠵᠢᠭᠤᠯᠬᠤ︾ ᠵᠠᠷᠴᠢᠮ ᠢ ᠪᠠᠷᠢᠮᠲᠠᠯᠠᠨ᠂ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠷᠣᠭᠳᠠᠯ ᠤᠨ ᠪᠠᠷᠢᠮᠵᠢᠶ᠎ᠠ ᠠᠴᠠ ᠬᠡᠲᠦᠷᠡᠬᠦ᠂ ᠶᠠᠰᠤ ᠴᠢᠨᠠᠷ ᠢᠯᠴᠢ ᠶᠢᠨ ᠬᠡᠮᠵᠢᠶ᠎ᠡ ᠶᠢ ᠪᠠᠷᠢᠮᠵᠢᠶ᠎ᠠ ᠳᠤ ᠥᠯᠥ ᠬᠦᠷᠬᠦ ᠦᠵᠡᠭᠳᠡᠯ ᠭᠠᠷᠭᠠᠬᠤ ᠦᠭᠡᠢ ᠪᠠᠶᠢᠬᠤ ᠶᠢ ᠦᠨᠡᠨᠬᠦ ᠪᠠᠲᠤᠯᠠᠪᠠ᠃ ᠲᠡᠭᠡᠭᠡᠪᠦᠷᠢᠯᠡᠵᠦ ᠵᠥᠭᠡᠭᠡᠪᠦᠷᠢᠯᠡᠬᠦ ᠶᠠᠪᠤᠴᠠ ᠳᠤ ᠨᠢᠭᠡ ᠡᠳᠦᠷ ᠲᠤ ᠨᠢᠭᠡ ᠤᠳᠠᠭ᠎ᠠ ᠰᠢᠯᠭᠠᠨ ᠪᠠᠶᠢᠴᠠᠭᠠᠵᠤ᠂ ᠨᠢᠭᠡ ᠲᠡᠷᠭᠡᠨ ᠳᠤ ᠨᠢᠭᠡ ᠰᠡᠭᠦᠳᠡᠷ ᠲᠠᠲᠠᠵᠤ᠂ ᠨᠢᠭᠡ ᠲᠡᠷᠭᠡᠨ ᠳᠤ ᠨᠢᠭᠡ ᠲᠠᠩᠰᠠ ᠡᠪᠬᠡᠮᠡᠯ ᠲᠠᠢ ᠪᠠᠶᠢᠯᠭᠠᠵᠤ᠂ ᠨᠡᠭᠦᠷᠡᠰᠦᠨ ᠤ ᠶᠠᠰᠤ ᠴᠢᠨᠠᠷ ᠢ ᠪᠠᠲᠤᠯᠠᠭ᠎ᠠ ᠲᠠᠢ ᠪᠠᠶᠢᠯᠭᠠᠬᠤ ᠶᠢ ᠪᠠᠲᠤᠯᠠᠵᠤ᠂ ᠲᠣᠰᠬᠤᠨ ᠤ ᠠᠷᠠᠳ ᠤᠯᠠᠨ ᠢ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠬᠤᠳᠠᠯᠳᠤᠨ ᠠᠪᠴᠤ ᠳᠡᠶᠢᠯᠬᠦ᠂ ᠰᠢᠲᠠᠭᠠᠬᠤ ᠨᠡᠭᠦᠷᠡᠰᠦ ᠲᠠᠢ ᠪᠣᠯᠭᠠᠵᠤ᠂ ᠳᠤᠯᠠᠭᠠᠨ ᠪᠦᠯᠢᠶᠡᠨ ᠪᠥᠭᠡᠳ ᠠᠮᠤᠷ ᠲᠠᠶᠢᠪᠤᠩ ᠡᠪᠦᠯ ᠤᠨ ᠤᠯᠠᠷᠢᠯ ᠢ ᠥᠩᠭᠡᠷᠡᠭᠦᠯᠬᠦ ᠪᠣᠯᠭᠠᠨ᠎ᠡ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2