ᠥᠪᠥᠷ ᠮᠣᠩᠭᠤᠯ ᠱᠠᠨ ᠰᠢ ᠡᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠤᠷᠳᠤ ᠴᠠᠭᠠᠨ ᠬᠡᠷᠡᠮ ᠤᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠣᠷᠣᠨ ᠤ ᠨᠠᠢᠮᠠᠳᠤᠭᠠᠷ ᠬᠤᠭᠤᠴᠠᠭᠠᠨ ᠤ ᠬᠠᠮᠲᠤᠷᠠᠭᠰᠠᠨ ᠬᠤᠷᠠᠯ ᠵᠢᠴᠢ ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠨ ᠬᠥᠭᠵᠢᠬᠦ ᠳᠤ ᠠᠭᠤᠰᠤᠯᠴᠠᠬᠤ ᠶᠢ ᠭᠦᠨᠵᠡᠭᠡᠶᠢᠷᠡᠭᠦᠯᠬᠦ ᠶᠡᠭᠡ ᠬᠤᠷᠠᠯ ᠳ᠋ᠠᠲ᠋ᠦ᠋ᠩ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/10/16
    ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠭᠤᠷᠪᠠᠨ ᠭᠠᠵᠠᠷ ᠤᠨ ᠬᠢᠨ ︽ᠥᠪᠥᠷ ᠮᠣᠩᠭᠤᠯ ᠱᠠᠨ ᠰᠢ ᠡᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠤ ᠬᠠᠮᠲᠤᠷᠠᠯᠴᠠᠭᠠᠨ ᠤ ᠣᠷᠣᠨ ᠤ ᠰᠠᠪᠠ ᠭᠠᠵᠠᠷ ᠢ ᠵᠠᠰᠠᠬᠤ ᠬᠠᠮᠲᠤᠷᠠᠯᠴᠠᠭᠠᠨ ᠤ ᠬᠡᠯᠡᠯᠴᠡᠭᠡᠷ︾ ᠳᠤ ᠭᠠᠷ ᠤᠨ ᠥᠰᠥᠭ ᠵᠢᠷᠤᠪᠠ᠃ ᠲᠠᠩ ᠰᠢᠤᠸᠠᠨ ᠪᠥᠸᠧ ᠰᠡᠭᠦᠳᠡᠷᠯᠡᠪᠡ     ᠠᠯᠲᠠᠨ ᠨᠠᠮᠤᠷ ᠤᠨ ᠠᠷᠪᠠᠨ ᠰᠠᠷ᠎ᠠ ᠳᠤ ᠬᠤᠷᠠᠨ ᠴᠤᠭᠯᠠᠷᠠᠵᠤ᠂ ᠡᠭᠦᠷᠭᠡ ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠨ ᠢᠷᠡᠭᠡᠳᠦᠢ ᠪᠠᠨ ᠴᠣᠭᠴᠠᠯᠠᠨ᠎ᠠ᠃ 10 ᠰᠠᠷ᠎ᠠ ᠶᠢᠨ 13  ᠤ ᠡᠳᠦᠷ᠂ ︽ᠰᠢᠨ᠎ᠡ ᠡᠭᠦᠷᠭᠡ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ ᠢᠷᠡᠭᠡᠳᠦᠢ ᠪᠠᠨ ᠬᠠᠮᠲᠤᠪᠠᠷ ᠰᠢᠨ᠎ᠡ ᠶᠢ ᠡᠭᠦᠳᠬᠦ︾ ᠪᠠᠷ ᠭᠤᠣᠯ ᠰᠡᠳᠦᠪ ᠪᠣᠯᠭᠠᠭᠰᠠᠨ ᠥᠪᠥᠷ ᠮᠣᠩᠭᠤᠯ ᠱᠠᠨ ᠰᠢ ᠾᠧᠪᠧᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶  ᠶᠢᠨ ᠤᠷᠳᠤ ᠴᠠᠭᠠᠨ ᠬᠡᠷᠡᠮ ᠠᠯᠳᠠᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠣᠷᠣᠨ ᠤ ᠨᠠᠢᠮᠠᠳᠤᠭᠠᠷ ᠬᠤᠭᠤᠴᠠᠭᠠᠨ ᠤ ᠬᠠᠮᠲᠤᠷᠠᠭᠰᠠᠨ ᠬᠤᠷᠠᠯ ᠵᠢᠴᠢ ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠨ ᠬᠥᠭᠵᠢᠬᠦ ᠳᠤ ᠠᠭᠤᠰᠤᠯᠴᠠᠬᠤ ᠶᠢ ᠭᠦᠨᠵᠡᠭᠡᠶᠢᠷᠡᠭᠦᠯᠬᠦ ᠶᠡᠭᠡ ᠬᠤᠷᠠᠯ ᠳ᠋ᠠᠲ᠋ᠦ᠋ᠩ ᠬᠤᠳᠠ ᠳᠤ ᠬᠤᠷᠠᠯᠳᠤᠵᠤ᠂ ᠪᠡᠭᠡᠵᠢᠩ ᠲᠢᠶᠠᠨᠵᠢᠨ ᠥᠪᠥᠷ ᠮᠣᠩᠭᠤᠯ ᠱᠠᠨ ᠰᠢ ᠾᠧᠪᠧᠢ ᠵᠡᠷᠭᠡ ᠮᠤᠵᠢ ︵ᠣᠷᠣᠨ︶ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠵᠣᠴᠢᠨ᠂ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠨᠢᠭᠡ ᠲᠠᠩᠬᠢᠮ ᠳᠤ ᠴᠤᠭᠯᠠᠷᠠᠵᠤ᠂ ᠬᠠᠮᠲᠤᠷᠠᠯᠴᠠᠭ᠎ᠠ ᠶᠢ ᠬᠠᠮᠲᠤᠪᠠᠷ ᠵᠥᠪᠯᠡᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠪᠡ᠃     ᠱᠠᠨ ᠰᠢ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳ᠋ᠠᠲ᠋ᠦ᠋ᠩ ᠬᠤᠳᠠ ᠶᠢᠨ ᠨᠠᠮ ᠤᠨ ᠬᠤᠷᠢᠶᠠᠨ ᠤ ᠱᠦᠵᠢ ᠯᠦ ᠳ᠋ᠦᠩ ᠯᠢᠶᠠᠩ ᠪᠠᠶᠠᠷ ᠤᠨ ᠦᠭᠡ ᠬᠡᠯᠡᠪᠡ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠴᠢᠭᠤᠯᠤᠯᠲᠤ ᠬᠠᠭᠠᠯᠭ᠎ᠠ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢ ᠺᠧ ᠯᠢᠶᠠᠩ ᠭᠤᠣᠯ ᠵᠣᠷᠢᠯᠲᠠ ᠶᠢᠨ ᠶᠠᠷᠢᠶ᠎ᠠ ᠲᠠᠯᠪᠢᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ᠂ ᠳ᠋ᠠᠲ᠋ᠦ᠋ᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠠᠩ ᠴᠢᠶᠠᠩ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠯᠢᠶᠠᠩ᠂ ᠳ᠋ᠠᠲ᠋ᠦ᠋ᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠬᠥ᠋ ᠮᠢᠩ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠸ᠂ ᠳ᠋ᠠᠲ᠋ᠦ᠋ᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠣᠣ ᠬᠤᠩ ᠪᠥᠸᠧ ᠵᠢᠴᠢ ᠪᠡᠭᠡᠵᠢᠩ ᠬᠤᠲᠠ᠂ ᠲᠢᠶᠠᠨᠵᠢᠨ ᠬᠤᠲᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠱᠠᠨ ᠰᠢ ᠮᠤᠵᠢ᠂ ᠾᠧᠪᠧᠢ ᠮᠤᠵᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠯᠠᠭᠠᠨᠴᠠᠪ ᠬᠤᠲᠠ᠂ ᠳ᠋ᠠᠲ᠋ᠦ᠋ᠩ ᠬᠤᠲᠠ᠂ ᠴᠢᠭᠤᠯᠤᠯᠲᠤ ᠬᠠᠭᠠᠯᠭ᠎ᠠ ᠬᠤᠲᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠶᠡᠭᠡ ᠬᠤᠷᠠᠯ ᠳᠤ ᠣᠷᠣᠯᠴᠠᠵᠠᠢ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2