ᠴᠢ ᠹᠧᠢ ᠶᠦᠨ ᠵᠦᠸᠧᠽᠢ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯ ᠣᠯᠭᠤᠯᠲᠠ ᠶᠢ ᠲᠠᠶᠢᠴᠢᠯᠠᠨ ᠣᠷᠣᠯᠭ᠎ᠠ ᠪᠠᠨ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/16
   10 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠵᠦᠸᠧᠽᠢ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯ ᠣᠯᠭᠤᠯᠲᠠ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠡᠷᠭᠡ ᠪᠠᠶᠢᠳᠠᠯ ᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠪᠠ᠃     ᠵᠦᠸᠧᠽᠢ ᠰᠢᠶᠠᠨ ᠤ ᠪᠠᠢ ᠸᠠᠨ ᠢᠦᠢ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ᠂ ᠵᠢᠯ ᠳᠤ 30 ᠲᠦᠮᠡᠨ ᠲᠣᠨ ᠦᠢᠯᠡᠳᠪᠦᠷᠢᠯᠡᠬᠦ ᠣᠳᠣᠬᠢᠴᠢᠯᠠᠭᠰᠠᠨ ᠲᠡᠵᠢᠭᠡᠯ ᠪᠣᠷᠳᠣᠭᠠᠨ ᠤ ᠦᠢᠯᠡᠳᠪᠦᠷᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠴᠢ ᠹᠧᠢ ᠶᠦᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠦᠪᠵᠢᠭᠦᠯᠭᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠵᠠᠮ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠬᠢᠭᠤᠯᠬᠤ ᠶᠠᠪᠤᠴᠠ ᠳᠠᠬᠢ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃     ᠴᠢ ᠹᠧᠢ ᠶᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠠᠵᠤ ᠦᠢᠯᠡᠰ ᠤᠨ ᠲᠦᠷᠦᠯ ᠵᠦᠢᠯ ᠢ ᠲᠦᠷᠭᠡᠳᠬᠡᠨ ᠪᠠᠶᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠠᠵᠢᠯ ᠢ ᠬᠠᠷᠢᠭᠤᠴᠠᠨ ᠠᠬᠢᠭᠤᠯᠵᠤ᠂ ᠡᠷᠲᠡ ᠠᠵᠢᠯ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠭᠠᠵᠠᠷ ᠣᠷᠣᠨ ᠤ ᠠᠵᠢᠯ ᠣᠯᠭᠤᠯᠲᠠ ᠶᠢ ᠲᠠᠶᠢᠴᠢᠯᠠᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠠᠵᠤ ᠦᠢᠯᠡᠰ ᠤᠨ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠴᠢᠨᠠᠭᠰᠢᠳᠠ ᠲᠡᠭᠦᠯᠳᠡᠷᠵᠢᠭᠦᠯᠵᠦ᠂ ᠨᠡᠩ ᠤᠯᠠᠨ ᠪᠣᠷᠤᠯᠠᠭᠤᠯᠭ᠎ᠠ ᠰᠠᠶᠢᠲᠠᠢ ᠦᠢᠯᠡᠳᠬᠦᠨ ᠢ ᠡᠭᠦᠳᠬᠦ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ︽ᠣᠣᠷ ᠠᠮᠲᠠᠲᠤ ᠤᠯᠠᠭᠠᠨᠴᠠᠪ︾ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠠᠷᠭ᠎ᠠ ᠮᠠᠶ᠋ᠢᠭ ᠢᠶᠠᠷ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠣᠬᠢᠷᠲᠤᠯ ᠦᠭᠡᠢ ᠣᠷᠭᠠᠨᠢᠭ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ ᠭᠡᠵᠦ ᠬᠡᠯᠡᠪᠡ᠃    ᠬᠦᠷᠦᠭᠰᠡᠨ ᠭᠠᠵᠠᠷ ᠪᠣᠯᠭᠠᠨ ᠳᠤ᠂ ᠴᠢ ᠹᠧᠢ ᠶᠦᠨ ᠠᠵᠤ ᠠᠬᠤᠶᠢᠯᠠᠯ ᠢ ᠠᠮᠤᠷ ᠲᠦᠪᠰᠢᠨ ᠢᠶᠠᠷ ᠠᠵᠢᠯᠯᠠᠬᠤ ᠳᠦᠷᠢᠮ ᠢ ᠴᠢᠩᠭ᠎ᠠ ᠵᠢᠷᠤᠮᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠴᠠᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠦᠴᠦᠨ ᠢ ᠵᠣᠬᠢᠰᠲᠠᠢ ᠬᠤᠪᠢᠶᠠᠷᠢᠯᠠᠵᠤ᠂ ᠳᠤᠯᠠᠭᠠᠯᠠᠭ᠎ᠠ ᠬᠠᠩᠭᠠᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠳᠡᠯᠮᠦᠷᠢᠴᠢᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ᠂ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃    ᠯᠢ ᠵᠢᠶᠠᠨ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2