ᠵᠢᠨᠢᠩ ᠲᠣᠭᠤᠷᠢᠭ ᠤᠨ ᠨᠠᠮᠤᠷ ᠤᠨ ᠬᠤᠷᠢᠶᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2023/10/16
    ᠵᠢᠨᠢᠩ ᠲᠣᠭᠤᠷᠢᠭ ᠤᠨ 2023 ᠣᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 7.2 ᠲᠦᠮᠡᠨ ᠮᠦ ᠳᠠᠷᠢᠵᠤ᠂ 9.65 ᠲᠦᠮᠡᠨ ᠮᠦ ᠪᠣᠳᠠᠲᠠᠢ ᠳᠠᠷᠢᠵᠤ᠂ ᠬᠠᠷᠠᠯᠲᠠ ᠶᠢᠨ ᠡᠭᠦᠷᠭᠡ ᠪᠠᠨ 134% ᠪᠠᠷ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣᠬᠠᠨ ᠳᠤ᠂ ᠵᠢᠨᠢᠩ ᠲᠣᠭᠤᠷᠢᠭ ᠤᠨ ᠨᠠᠮᠤᠷ ᠤᠨ ᠬᠤᠷᠢᠶᠠᠯᠲᠠ ᠶᠢᠨ ᠠᠵᠢᠯ ᠰᠢᠪᠲᠤᠷᠭᠠᠨ ᠳᠠᠭᠠᠨ ᠣᠷᠣᠵᠤ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ᠂ ᠵᠢᠱᠢᠶᠡᠯᠡᠪᠡᠯ ᠲᠥᠮᠥᠰᠥ ᠬᠤᠷᠢᠶᠠᠭᠰᠠᠨ ᠲᠠᠯᠠᠪᠠᠢ 1.5 ᠲᠦᠮᠡᠨ ᠮᠦ᠂ ᠵᠢᠱᠢᠯᠲᠡ ᠪᠠᠷ 4.5 ᠲᠦᠮᠡᠨ ᠲᠣᠨ᠂ ᠡᠷᠳᠡᠨᠢ ᠰᠢᠰᠢ ᠶᠢᠨ ᠬᠤᠷᠢᠶᠠᠭᠰᠠᠨ ᠲᠠᠯᠠᠪᠠᠢ 6.3 ᠲᠦᠮᠡᠨ ᠮᠦ᠂ ᠵᠢᠱᠢᠯᠲᠡ ᠪᠠᠷ 3.78 ᠲᠦᠮᠡᠨ ᠲᠣᠨ᠂ ᠰᠢᠷ᠎ᠠ ᠪᠤᠷᠴᠠᠭ ᠤᠨ ᠬᠤᠷᠢᠶᠠᠭᠰᠠᠨ ᠲᠠᠯᠠᠪᠠᠢ 0.46 ᠲᠦᠮᠡᠨ ᠮᠦ᠂ ᠵᠢᠱᠢᠯᠲᠡ ᠪᠠᠷ 460 ᠲᠣᠨ᠂ ᠨᠣᠬᠠᠢ ᠶᠢᠨ ᠬᠤᠰᠢᠭᠤ ᠶᠢᠨ ᠬᠤᠷᠢᠶᠠᠭᠰᠠᠨ ᠲᠠᠯᠠᠪᠠᠢ 0.6 ᠲᠦᠮᠡᠨ ᠮᠦ᠂ ᠵᠢᠱᠢᠯᠲᠡ ᠪᠠᠷ 972 ᠲᠣᠨ ᠳᠤ ᠬᠦᠷᠴᠦ᠂ ᠠᠮᠤ ᠪᠤᠳᠠᠭᠠᠨ ᠤ ᠤᠨᠠᠯᠲᠠ ᠶᠡᠷᠦᠩᠬᠡᠢ ᠳᠡᠭᠡᠨ 0.3 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠬᠦ ᠪᠣᠯᠣᠨ᠎ᠠ᠃                                  ᠤᠷᠴᠢᠭᠤᠯᠤᠭᠴᠢ᠄ ᠬᠦᠰᠡᠯ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2