ᠰᠦᠢ ᠸᠧᠢ ᠵᠢᠶᠦ᠋ᠨ ᠹᠧᠩᠵᠧᠨ ᠬᠤᠲᠠ ᠳᠤ ᠭᠦᠨᠵᠡᠭᠡᠶᠢᠷᠡᠨ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ ᠳᠠᠭᠠᠨ ᠤᠯᠠᠨ ᠲᠦᠮᠡᠨ ᠤ ᠶᠠᠪᠤᠳᠠᠯ ᠢ ᠥᠪᠡᠷ ᠤᠨ ᠤᠴᠢᠷ ᠢᠶᠠᠨ ᠪᠣᠯᠭᠠᠵᠤ ᠰᠡᠳᠬᠢᠯ ᠲᠠᠯᠪᠢᠵᠤ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/10/17
   10 ᠰᠠᠷ᠎ᠠ ᠶᠢᠨ 13 ᠤ ᠡᠳᠦᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠹᠧᠩᠵᠧᠨ ᠬᠤᠲᠠ ᠳᠤ ᠭᠦᠨᠵᠡᠭᠡᠶᠢᠷᠡᠨ ᠰᠣᠷᠪᠤᠯᠵᠢᠯᠠᠭ᠎ᠠ ᠶᠢ ᠭᠥᠯᠢᠶᠡᠨ ᠠᠪᠴᠤ ᠳᠣᠷᠣᠭᠰᠢ ᠪᠠᠭᠤᠵᠤ ᠰᠣᠷᠪᠤᠯᠵᠢᠯᠠᠭ᠎ᠠ ᠬᠢᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠠᠰᠠᠭᠤᠳᠠᠯ ᠢ ᠬᠠᠪᠰᠤᠷᠤᠨ ᠵᠣᠬᠢᠴᠠᠭᠤᠯᠵᠤ ᠰᠢᠢᠳᠪᠦᠷᠢᠯᠡᠵᠡᠢ᠃ ᠲᠡᠷᠡ᠂ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠣᠳᠠᠲᠠᠢ ᠶᠠᠪᠤᠳᠠᠯ ᠬᠢᠵᠦ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠤᠯᠠᠨ ᠲᠦᠮᠡᠨ ᠤ ᠶᠠᠪᠤᠳᠠᠯ ᠢ ᠥᠪᠡᠷ ᠤᠨ ᠢᠶᠠᠨ ᠶᠠᠪᠤᠳᠠᠯ ᠢᠶᠠᠷ ᠦᠵᠡᠵᠦ᠂ ᠤᠯᠠᠨ ᠲᠦᠮᠡᠨ ᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠭᠰᠡᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠹᠧᠩᠵᠧᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ᠂ ᠰᠦᠢ ᠸᠧᠢ ᠵᠢᠶᠦ᠋ᠨ ᠣᠯᠠᠨ ᠲᠦᠮᠡᠨ ᠤ ᠲᠤᠰᠬᠠᠭᠰᠠᠨ ᠬᠤᠲᠠ ᠶᠢᠨ ᠲᠣᠭᠤᠷᠢᠭ ᠤᠨ ᠳᠤᠯᠠᠭᠠᠯᠠᠭ᠎ᠠ ᠬᠠᠩᠭᠠᠬᠤ᠂ ᠬᠥᠳᠡᠭᠡ ᠲᠣᠰᠬᠤᠨ ᠤ ᠠᠮᠤᠷ ᠲᠦᠪᠰᠢᠨ ᠢᠶᠠᠷ ᠤᠰᠤ ᠬᠡᠷᠡᠭᠯᠡᠬᠦ ᠵᠡᠷᠭᠡ ᠠᠰᠠᠭᠤᠳᠠᠯ ᠪᠠ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠨᠠᠷᠢᠨ ᠨᠢᠮᠪᠠᠢ ᠠᠰᠠᠭᠤᠨ ᠯᠠᠪᠯᠠᠵᠤ᠂ ᠬᠠᠷᠢᠶ᠎ᠠ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠲᠤᠬᠠᠢ ᠶᠢᠨ ᠲᠠᠯᠠᠪᠤᠷ ᠲᠤᠨᠢ ᠰᠤᠳᠤᠯᠤᠨ ᠰᠢᠢᠳᠪᠦᠷᠢᠯᠡᠭᠰᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠠᠶᠢᠨ᠎ᠠ᠃ ᠲᠡᠷᠡ᠂ ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯᠣᠨ ᠤᠰᠤ ᠤᠮᠳᠠ ᠶᠢᠨ ᠠᠮᠤᠷ ᠲᠦᠪᠰᠢᠨ ᠪᠣᠯ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠱᠠᠯᠠᠪᠳᠠᠭᠤᠯᠤᠨ ᠬᠠᠮᠢᠶᠠᠷᠬᠤ ᠪᠠᠨ ᠴᠢᠩᠭᠠᠳᠬᠠᠵᠤ᠂ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠤᠯᠠᠨ ᠲᠦᠮᠡᠨ ᠤ ᠲᠤᠰᠬᠠᠭᠰᠠᠨ ᠳᠤᠯᠠᠭᠠᠯᠠᠭ᠎ᠠ ᠬᠠᠩᠭᠠᠬᠤ ᠤᠰᠤ ᠤᠮᠳᠠ ᠶᠢᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠰᠡᠳᠬᠢᠯ ᠢ ᠳᠤᠯᠠᠭᠠᠴᠠᠭᠤᠯᠵᠤ᠂ ᠰᠠᠨᠠᠭ᠎ᠠ ᠠᠮᠤᠷ ᠪᠠᠶᠢᠯᠭᠠᠬᠤ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ︽ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠤ ᠪᠤᠶᠠᠨ ᠦᠢᠯᠡᠳᠬᠦ︾ ᠪᠣᠯ ᠭᠤᠣᠯ ᠰᠡᠳᠦᠪᠲᠦ ᠬᠥᠮᠦᠵᠢᠯ ᠤᠨ ᠲᠠᠪᠤᠨ ᠬᠠᠷᠠᠯᠲᠠᠲᠤ ᠡᠭᠦᠷᠭᠡ ᠶᠢᠨ ᠨᠢᠭᠡ ᠪᠣᠯᠣᠨ᠎ᠠ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠨᠢ ᠣᠯᠠᠨ ᠲᠦᠮᠡᠨ ᠤ ᠭᠡᠷ ᠪᠦᠯᠢ ᠳᠤ ᠬᠦᠷᠭᠡᠬᠦ ᠠᠵᠢᠯ ᠪᠣᠯᠤᠭᠰᠠᠨ ᠤ ᠬᠤᠪᠢ ᠳᠤ᠂ ᠠᠷᠠᠳ ᠣᠯᠠᠨ ᠤ ᠪᠠᠴᠢᠮᠳᠠᠨ ᠵᠣᠪᠠᠨᠢᠵᠤ ᠪᠠᠶᠢᠭ᠎ᠠ ᠠᠰᠠᠭᠤᠳᠠᠯ ᠤᠨ ᠲᠥᠪᠯᠡᠷᠡᠩᠭᠦᠢ ᠲᠤᠰᠬᠠᠯ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠣᠷᠢᠯᠲᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠴᠢᠩᠭ᠎ᠠ ᠪᠣᠳᠠᠲᠠᠢ ᠰᠤᠷᠲᠠᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠠᠴᠠ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠪᠠᠶᠢᠴᠠᠭᠠᠨ ᠣᠶᠢᠯᠠᠭᠠᠵᠤ᠂ ᠲᠦᠷᠦ ᠶᠢᠨ ᠪᠣᠳᠣᠯᠭ᠎ᠠ ᠶᠢ ᠤᠬᠠᠭᠤᠯᠬᠤ᠂ ᠰᠡᠵᠢᠭᠯᠡᠯ ᠢ ᠠᠯᠳᠠᠷᠠᠭᠠᠨ ᠲᠥᠭᠡᠷᠢᠭᠳᠡᠯ ᠢ ᠲᠠᠶᠢᠯᠬᠤ ᠵᠡᠷᠭᠡ ᠠᠵᠢᠯ ᠢ ᠬᠦᠯᠢᠴᠡᠩᠭᠦᠢ ᠨᠠᠷᠢᠨ ᠨᠢᠮᠪᠠᠢ ᠬᠢᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠪᠠᠶᠢᠭ᠎ᠠ ᠠᠰᠠᠭᠤᠳᠠᠯ ᠢ ᠦᠨᠡᠨ ᠠᠴᠠ ᠵᠥᠪ ᠢ ᠡᠷᠢᠵᠦ᠂ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃     ᠯᠢᠦ ᠭᠦᠸᠧ ᠭᠠᠩ ᠣᠷᠣᠯᠴᠠᠪᠠ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2