ᠪᠦᠬᠦ ᠬᠤᠳᠠ ᠶᠢᠨ ᠠᠷᠠᠳ ᠤᠨ ᠪᠠᠭᠤᠴᠠ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠠᠬᠤᠢ ᠳᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/18
  ᠰᠢᠨ᠎ᠠ ᠬᠦᠭᠵᠢᠯᠳᠡ ᠶᠢᠨ ᠤᠶᠢᠯᠠᠭᠠᠬᠳᠠᠬᠤᠨ ᠢ ᠬᠦᠨᠵᠡᠬᠡᠶᠢᠷᠡᠬᠦᠯᠦᠨ ᠦᠢᠯᠡᠳᠦᠯᠬᠡᠵᠢᠬᠦᠯᠵᠤ᠂ ᠠᠷᠠᠳ ᠤᠨ ᠪᠠᠭᠤᠴᠠ ᠶᠢᠨ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ 10 ᠰᠠᠷ᠎ᠠ ᠶᠢᠨ 14 ᠤ ᠡᠳᠦᠷ ᠠᠴᠠ 15 ᠤ ᠡᠳᠦᠷ ᠪᠤᠯᠳᠠᠯ᠎ᠠ᠂ ᠪᠦᠬᠦ ᠬᠤᠳᠠ ᠶᠢᠨ ᠠᠷᠠᠳ ᠤᠨ ᠪᠠᠭᠤᠴᠠ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠠᠬᠤᠢ ᠳᠠᠯᠠᠪᠠᠢ ᠶᠢᠨ ᠬᠤᠷᠠᠯ ᠬᠤᠷᠠᠯᠳᠤᠪᠠ᠃   ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃ ᠬᠤᠳᠠ ᠶᠢᠨ ᠤᠳᠤᠷᠢᠳᠤᠯᠭ᠎ᠠ ᠴᠢ᠊ · ᠳᠠᠯᠠᠨᠳᠠᠢ᠂ ᠣᠤ ᠮᠠᠨ ᠪᠢᠨ᠂ ᠼᠤᠤ ᡁᠢ᠂ ᠹᠠᠩ ᠽᠧ᠂ ᠯᠢ ᠵᠢᠶᠠᠨ ᠵᠢᠶᠦ᠋ᠨ ᠬᠤᠷᠠᠯ ᠳᠤ ᠤᠷᠤᠯᠴᠠᠪᠠ᠃ ᠡᠯ᠎ᠠ ᠬᠤᠰᠢᠭᠤ ᠰᠢᠶᠠᠨ ᠬᠤᠳᠠ ᠳᠤᠭᠤᠷᠢᠬ ᠤᠨ ᠵᠠᠰᠠᠬ ᠤᠨ ᠤᠷᠳᠤᠨ ᠪᠠ ᠬᠤᠳᠠ ᠶᠢᠨ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠪᠠ᠃   ᠬᠤᠷᠠᠯ ᠳᠤ ᠤᠷᠤᠯᠴᠠᠬᠰᠠᠳ ᠤᠷᠢᠳ ᠬᠤᠵᠢᠳ ᠵᠦᠸᠧᠽᠢ ᠰᠢᠶᠠᠨ᠂ ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤ᠂ ᠰᠢᠩ ᠾᠧ ᠰᠢᠶᠠᠨ ᠤ 8 ᠤᠨᠴᠠᠯᠢᠬᠳᠤ ᠠᠷᠠᠳ ᠤᠨ ᠪᠠᠭᠤᠴᠠ ᠶᠢᠨ ᠲᠦᠷᠦᠯ ᠵᠦᠢᠯ ᠢ ᠳᠤᠭᠤᠷᠢᠨ ᠦᠵᠡᠪᠡ᠃ ᠬᠦᠳᠡᠭᠡ ᠳᠤᠰᠬᠤᠨ ᠤ ᠠᠮᠢᠳᠤᠷᠠᠯ ᠢ ᠪᠡᠶᠡᠴᠢᠯᠡᠨ ᠮᠡᠳᠡᠷᠡᠬᠦᠯᠬᠦ ᠪᠠᠷ ᠭᠤᠤᠯ ᠰᠡᠳᠤᠪ ᠪᠤᠯᠭᠠᠬᠰᠠᠨ ᠳᠠᠷᠢᠶᠠᠯᠠᠩ ᠬᠦᠷᠢᠶᠡᠯᠡᠩ ᠤᠨ ᠠᠷᠠᠳ ᠤᠨ ᠪᠠᠭᠤᠴᠠ᠂ ᠦᠵᠡᠮᠵᠢ ᠶᠢᠨ ᠤᠷᠤᠨ ᠤ ᠡᠬᠢ ᠪᠠᠶᠠᠯᠢᠬ ᠲᠤ ᠳᠦᠰᠢᠵᠤ ᠬᠦᠭᠵᠢᠬᠦᠯᠦᠭᠰᠡᠨ ᠦᠵᠡᠮᠵᠢ ᠶᠢᠨ ᠠᠷᠠᠳ ᠤᠨ ᠪᠠᠭᠤᠴᠠ᠁ ᠠᠳᠠᠯᠢ ᠪᠤᠰᠤ ᠲᠦᠷᠦᠯ ᠵᠦᠢᠯ ᠤᠨ ᠠᠷᠠᠳ ᠤᠨ ᠪᠠᠭᠤᠴᠠ ᠨᠢ ᠦᠪᠡᠷ ᠦᠪᠡᠷ ᠤᠨ ᠤᠨᠴᠠᠯᠢᠬ ᠲᠠᠢ ᠪᠠᠶᠢᠵᠤ᠂ ᠪᠦᠬᠦ ᠬᠤᠳᠠ ᠶᠢᠨ ᠡᠯ᠎ᠠ ᠭᠠᠵᠠᠷ ᠲᠤ ᠠᠷᠠᠳ ᠤᠨ ᠪᠠᠭᠤᠴᠠ ᠶᠢᠨ ᠠᠵᠤ ᠦᠢᠯᠡᠰ ᠢ ᠬᠦᠭᠵᠢᠬᠦᠯᠬᠦ ᠳᠤ ᠤᠯᠠᠮ ᠨᠢᠬᠡ ᠠᠯᠬᠤᠮ ᠢᠳᠡᠬᠡᠯ ᠢ ᠪᠠᠳᠤᠳᠬᠠᠵᠤ᠂ ᠳᠤᠷᠰᠢᠯᠭ᠎ᠠ ᠬᠠᠨᠭ᠍ᠭᠠᠵᠤ᠂ ᠰᠡᠳᠬᠢᠴᠡ ᠶᠢ ᠰᠡᠩᠭᠡᠷᠡᠬᠦᠯᠦᠭᠰᠡᠨ ᠪᠠᠶᠢᠨ᠎ᠠ᠃   15 ᠤ ᠦᠳᠡ ᠶᠢᠨ ᠡᠮᠦᠨ᠎ᠠ ᠬᠤᠷᠠᠯᠳᠤᠬᠰᠠᠨ ᠳ᠋ᠦᠡᠭᠨᠡᠯᠳᠡ ᠶᠢᠨ ᠬᠤᠷᠠᠯ ᠳᠡᠭᠡᠷ᠎ᠠ᠂ ᠬᠡᠰᠡᠭ ᠬᠤᠰᠢᠭᠤ ᠰᠢᠶᠠᠨ ᠪᠤᠯᠤᠨ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠢᠨ ᠢᠳᠡᠪᠬᠢᠳᠠᠢ ᠪᠠᠷ ᠶᠠᠷᠢᠯᠴᠠᠵᠤ᠂ ᠳᠤᠭᠤᠷᠢᠨ ᠦᠵᠡᠭᠰᠡᠨ ᠲᠦᠷᠦᠭᠳᠡᠯ ᠢᠶᠠᠨ ᠰᠤᠯᠢᠯᠴᠠᠨ᠂ ᠳᠠᠷᠠᠭᠠᠴᠢ ᠶᠢᠨ ᠠᠯᠬᠤᠮ ᠤᠨ ᠬᠦᠭᠵᠢᠯᠳᠡ ᠶᠢᠨ ᠰᠡᠳᠬᠢᠴᠡ ᠪᠤᠯᠤᠨ ᠠᠵᠢᠯ ᠤᠨ ᠠᠷᠭ᠎ᠠ ᠪᠠᠷᠢᠯ ᠢᠶᠠᠨ ᠰᠤᠳᠤᠯᠤᠨ ᠶᠠᠷᠢᠯᠴᠠᠵᠠᠢ᠃ ᠤᠯᠠᠨ ᠤ ᠶᠠᠷᠢᠶ᠎ᠠ ᠶᠢ ᠰᠤᠨᠤᠰᠤᠬᠰᠠᠨ ᠤ ᠳᠠᠷᠠᠭ᠎ᠠ᠂ ᠴᠢ ᠹᠸᠢ ᠶᠦᠨ ᠶᠠᠷᠢᠶᠠᠨ ᠳᠠᠭᠠᠨ᠂ ᠠᠷᠠᠳ ᠤᠨ ᠪᠠᠭᠤᠴᠠ ᠶᠢᠨ ᠠᠵᠤ ᠦᠢᠯᠡᠰ ᠢ ᠬᠦᠭᠵᠢᠬᠦᠯᠬᠦ ᠪᠤᠯ ᠰᠢ ᠶᠢᠨ ᠫᠢᠩ ᠶᠡᠷᠦᠩᠭᠡᠢ ᠱᠦᠵᠢ ᠶᠢᠨ ︽ᠨᠤᠮᠢᠨ ᠳᠠᠩᠰᠤᠬ ᠠᠭᠤᠯᠠ ᠤᠰᠤ ᠪᠤᠯ ᠦᠨᠢ ᠮᠦᠡᠭᠭᠡ ᠶᠢᠨ ᠦᠪ ᠬᠦᠷᠦᠩᠭᠡ ᠮᠦᠨ︾ ᠬᠡᠬᠦ ᠤᠶᠢᠯᠠᠭᠠᠬᠳᠠᠬᠤᠨ ᠢ ᠬᠦᠨᠵᠡᠬᠡᠶᠢᠷᠡᠬᠦᠯᠦᠨ ᠳᠤᠭᠤᠰᠢᠯᠠᠭᠤᠯᠤᠬᠰᠠᠨ ᠤ ᠴᠢᠬᠤᠯᠠ ᠦᠢᠯᠡᠳᠦᠯᠭᠡ ᠪᠤᠯᠬᠤ ᠶᠤᠮ᠂ ᠪᠦᠬᠦ ᠬᠦᠷᠢᠶ᠎ᠠ ᠴᠠᠷᠠᠭᠠᠨ ᠤ ᠵᠤᠭᠠᠴᠠᠯ ᠢ ᠠᠬᠢᠭᠤᠯᠵᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠯᠡᠬᠦ᠂ ᠮᠠᠯᠴᠢᠨ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ︽ᠪᠤᠬᠢᠷᠳᠤᠯ ᠦᠬᠡᠢ ᠬᠦᠳᠡᠯᠬᠡᠬᠦᠷ︾ ᠮᠦᠨ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠠᠮᠢ ᠠᠬᠤᠢ ᠶᠢ ᠤᠷᠢᠳᠠᠪᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠵᠤ᠂ ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠨᠢᠬᠡᠳᠭᠡᠵᠤ᠂ ᠳᠠᠨᠢᠯᠳᠠ ᠪᠠᠨ ᠳᠡᠭᠡᠭᠰᠢᠯᠡᠬᠦᠯᠦᠨ᠂ ᠪᠤᠰᠤᠳ ᠭᠠᠵᠠᠷ ᠤᠷᠤᠨ ᠤ ᠠᠮᠵᠢᠯᠳᠠ ᠲᠠᠢ ᠳᠤᠷᠰᠢᠯᠭ᠎ᠠ ᠶᠢ ᠢᠳᠡᠪᠬᠢᠳᠠᠢ ᠰᠤᠷᠤᠯᠴᠠᠵᠤ ᠳᠤᠯᠢ ᠪᠤᠯᠭᠠᠨ᠂ ᠮᠠᠨ ᠤ ᠬᠤᠳᠠ ᠶᠢᠨ ᠠᠷᠠᠳ ᠤᠨ ᠪᠠᠭᠤᠴᠠ ᠶᠢᠨ ᠠᠵᠤ ᠦᠢᠯᠡᠰ ᠤᠨ ᠬᠡᠮᠵᠢᠶᠡᠨ ᠤ ᠰᠢᠪᠳᠤᠯᠤᠯᠳᠠ ᠪᠠ ᠴᠢᠨᠠᠷ ᠤᠨ ᠰᠢᠪᠳᠤᠯᠤᠯᠳᠠ ᠶᠢᠨ ᠳᠡᠭᠡᠭᠰᠢᠯᠡᠯᠳᠡ ᠶᠢ ᠪᠡᠶᠡᠯᠡᠬᠦᠯᠬᠦ ᠶᠢ ᠪᠦᠬᠦ ᠳᠠᠯ᠎ᠠ ᠪᠠᠷ ᠠᠬᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠪᠠ᠃    ᠴᠢ ᠹᠸᠢ ᠶᠦᠨ ᠶᠠᠷᠢᠶᠠᠨ ᠳᠠᠭᠠᠨ᠂ ᠲᠦᠯᠦᠪᠵᠢᠬᠦᠯᠦᠨ ᠪᠠᠶᠢᠭᠤᠯᠬᠤ ᠳᠡᠭᠡᠷ᠎ᠠ ᠬᠦᠴᠦᠯᠡᠵᠤ᠂ ᠤᠯᠠᠨ ᠳᠡᠰ ᠳᠠᠪᠬᠤᠷᠭ᠎ᠠ ᠤᠯᠠᠨ ᠡᠰᠢᠵᠢᠭᠰᠡᠨ ᠠᠷᠠᠳ ᠤᠨ ᠪᠠᠭᠤᠴᠠ ᠶᠢᠨ ᠠᠵᠤ ᠦᠢᠯᠡᠰ ᠤᠨ ᠰᠢᠰᠲ᠋ᠧᠮ ᠢ ᠴᠤᠬᠴᠠᠯᠠᠵᠤ᠂ ᠨᠢᠬᠡ ᠪᠦᠯᠦᠭ ᠦᠯᠢᠭᠡᠷ ᠲᠠᠢ᠂ ᠪᠡᠶᠡᠴᠢᠯᠡᠨ ᠮᠡᠳᠡᠷᠡᠬᠦ᠂ ᠤᠨᠴᠠᠯᠢᠬ ᠲᠠᠢ ᠰᠤᠳᠤᠨ ᠠᠷᠠᠳ ᠤᠨ ᠪᠠᠭᠤᠴᠠ ᠶᠢ ᠪᠠᠶᠢᠭᠤᠯᠬᠤ ᠭᠡᠷᠡᠭᠳᠡᠢ᠃ ᠰᠢᠨ᠎ᠠ ᠶᠢ ᠡᠬᠦᠳᠴᠤ ᠭᠦᠭᠵᠢᠬᠦᠯᠬᠦ ᠳᠡᠭᠡᠷ᠎ᠠ ᠬᠦᠴᠦᠯᠡᠵᠤ᠂ ᠦᠪᠡᠷᠮᠢᠴᠡᠵᠢᠭᠰᠡᠨ᠂ ᠵᠦᠷᠢᠶᠡᠵᠢᠭᠰᠡᠨ ᠡᠵᠡᠩᠨᠡᠯᠳᠡ ᠶᠢᠨ ᠤᠶᠢᠯᠠᠭᠠᠬᠳᠠᠬᠤᠨ ᠢ ᠪᠠᠷᠢᠮᠳᠠᠯᠠᠵᠤ᠂ ︽ᠺᠤᠮᠫᠠᠨᠢ + ᠳᠠᠷᠢᠶᠠᠴᠢᠨ ᠡᠷᠦᠬᠡ︾ ︽ᠺᠤᠮᠫᠠᠨᠢ + ᠰᠤᠳᠤᠯᠤᠨ ᠰᠤᠷᠤᠯᠴᠠᠬᠤ ᠰᠠᠭᠤᠷᠢᠨ︾ ᠵᠡᠷᠬᠡ ᠤᠯᠠᠨ ᠶᠠᠩᠵᠤ ᠶᠢᠨ ᠡᠵᠡᠩᠨᠡᠯᠳᠡ ᠶᠢᠨ ᠬᠡᠯᠪᠡᠷᠢ ᠶᠢ ᠬᠦᠭᠵᠢᠬᠦᠯᠬᠦ ᠭᠡᠷᠡᠭᠳᠡᠢ᠃ ᠳᠡᠰᠵᠢᠯ ᠢ ᠳᠡᠭᠡᠭᠰᠢᠯᠡᠬᠦᠯᠬᠦ ᠳᠡᠭᠡᠷ᠎ᠠ ᠬᠦᠴᠦᠯᠡᠵᠤ᠂ ᠤᠷᠤᠨ ᠪᠦᠰᠡ ᠶᠢᠨ ᠰᠤᠶᠤᠯ ᠤᠨ ᠤᠨᠴᠠᠯᠢᠬ ᠲᠤ ᠠᠭᠤᠰᠤᠯᠴᠠᠨ᠂ ︽ᠠᠷᠠᠳ ᠤᠨ ᠪᠠᠭᠤᠴᠠ +︾ ᠰᠢᠨ᠎ᠠ ᠠᠵᠤ ᠦᠢᠯᠡᠰ ᠤᠨ ᠪᠠᠶᠢᠳᠠᠯ ᠢ ᠶᠡᠭᠡ ᠬᠦᠴᠦ ᠪᠠᠷ ᠬᠦᠭᠵᠢᠬᠦᠯᠬᠦ ᠬᠡᠷᠡᠭᠳᠡᠢ᠃ ᠤᠬᠠᠭᠤᠯᠭ᠎ᠠ ᠡᠵᠡᠩᠨᠡᠨ ᠪᠤᠷᠤᠯᠠᠭᠤᠯᠭ᠎ᠠ ᠳᠡᠭᠡᠷ᠎ᠠ ᠬᠦᠴᠦᠯᠡᠵᠤ᠂ ︽ᠵᠤᠭᠠᠴᠠᠯ ᠤᠨ ᠤᠷᠤᠨ + ᠠᠷᠠᠳ ᠤᠨ ᠪᠠᠭᠤᠴᠠ︾ ᠬᠤᠯᠪᠤᠭᠠᠯᠠᠨ ᠡᠵᠡᠩᠨᠡᠨ ᠪᠤᠷᠤᠯᠠᠭᠤᠯᠵᠤ᠂ ︽ᠢᠨᠲ᠋ᠧᠷ ᠰᠦᠯᠵᠢᠶ᠎ᠠ + ᠠᠷᠠᠳ ᠤᠨ ᠪᠠᠭᠤᠴᠠ︾ ᠤᠷᠤᠰᠬᠠᠯ ᠤᠨ ᠬᠡᠮᠵᠢᠶ᠎ᠠ ᠪᠠᠷ ᠡᠵᠡᠩᠨᠡᠨ ᠪᠤᠷᠤᠯᠠᠭᠤᠯᠵᠤ᠂ ᠨᠡᠷ᠎ᠠ ᠬᠦᠨᠳᠦ ᠪᠤᠯᠤᠨ ᠭᠤᠶᠤ ᠠᠯᠳᠠᠷ ᠤᠨ ᠬᠡᠮᠵᠢᠶ᠎ᠠ ᠶᠢ ᠢᠳᠡᠪᠬᠢᠳᠠᠢ ᠪᠠᠷ ᠳᠡᠭᠡᠭᠰᠢᠯᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃   ᠴᠢ ᠹᠸᠢ ᠶᠦᠨ ᠶᠠᠷᠢᠶᠠᠨ ᠳᠠᠭᠠᠨ᠂ ᠠᠵᠢᠯᠯᠠᠬᠤ ︽ᠬᠢᠷᠢ ᠪᠦᠳᠦᠮᠵᠢ ᠶᠢᠨ ᠳᠠᠩᠰᠠ︾ ᠶᠢᠨ ᠤᠬᠠᠮᠰᠠᠷ ᠢ ᠪᠠᠳᠤ ᠪᠤᠢ ᠪᠤᠯᠭᠠᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠨᠢᠬᠡᠳᠦᠯᠳᠠᠢ ᠲᠦᠯᠦᠪᠵᠢᠬᠦᠯᠵᠤ ᠵᠤᠬᠢᠴᠠᠭᠤᠯᠬᠤ ᠶᠢ ᠴᠢᠩᠭᠠᠳᠬᠠᠵᠤ᠂ ᠠᠷᠠᠳ ᠤᠨ ᠪᠠᠭᠤᠴᠠ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠬᠤ ᠲᠦᠬᠦᠷᠵᠢᠭᠰᠡᠨ ᠲᠦᠷᠦ ᠶᠢᠨ ᠪᠤᠳᠤᠯᠭ᠎ᠠ ᠳᠤᠬᠳᠠᠭᠠᠵᠤ᠂ ᠠᠵᠢᠯ ᠦᠢᠯᠡᠰ ᠤᠨ ᠬᠢᠨᠠᠯᠳᠠ ᠬᠠᠮᠢᠶᠠᠷᠤᠯᠳᠠ ᠪᠤᠯᠤᠨ ᠳᠤᠰᠠᠯᠠᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠡᠰ ᠳᠤᠬᠳᠠᠭᠠᠬᠤ ᠠᠵᠢᠯ ᠢ ᠦᠷᠨᠢᠬᠦᠯᠵᠤ᠂ ᠬᠦᠳᠡᠭᠡ ᠳᠤᠰᠬᠤᠨ ᠤ ᠰᠤᠯᠠ ᠪᠠᠶᠢᠭ᠎ᠠ ᠬᠡᠷ ᠪᠠᠶᠢᠰᠢᠩ ᠤᠨ ᠡᠬᠢ ᠰᠤᠷᠪᠤᠯᠵᠢ ᠶᠢᠨ ᠳᠤᠭ᠎ᠠ ᠪᠠᠷᠢᠮᠳᠠ ᠶᠢᠨ ᠬᠦᠮᠦᠷᠭᠡ ᠪᠤᠯᠤᠨ ᠠᠷᠠᠳ ᠤᠨ ᠪᠠᠭᠤᠴᠠ ᠶᠢᠨ ᠠᠵᠤ ᠦᠢᠯᠡᠰ ᠡᠷᠬᠢᠯᠡᠵᠤ ᠪᠦᠬᠦᠢ ᠴᠢᠳᠠᠪᠤᠷᠢᠳᠠᠳ ᠤᠨ ᠬᠦᠮᠦᠷᠭᠡ ᠶᠢ ᠪᠠᠶᠢᠭᠤᠯᠵᠤ᠂ ᠠᠷᠠᠳ ᠤᠨ ᠪᠠᠭᠤᠴᠠ ᠶᠢᠨ ᠠᠵᠤ ᠠᠬᠤᠢ ᠶᠢᠨ ᠡᠮᠬᠢ ᠴᠡᠭᠴᠡᠳᠠᠢ᠂ ᠡᠷᠡᠬᠦᠯ᠂ ᠦᠷᠬᠦᠯᠵᠢᠯᠡᠨ ᠬᠦᠭᠵᠢᠬᠦ ᠶᠢ ᠵᠢᠯᠤᠭᠤᠳᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠣᠯᠠᠭᠠᠨᠴᠠᠪ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2