10 ᠰᠠᠷ᠎ᠠ ᠶᠢᠨ 15 ᠤ ᠡᠳᠦᠷ᠂ ︽ᠤᠷᠠᠨ ᠳᠠᠷᠬᠠᠳ ᠤᠨ ᠪᠦᠲᠦᠭᠡᠯ · ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠬᠦ︾ ᠪᠠᠷ ᠭᠤᠤᠯ ᠰᠡᠳᠦᠪ ᠪᠣᠯᠭᠠᠭᠰᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠦᠵᠡᠰᠬᠦᠯᠡᠩ ᠵᠢᠴᠢ ᠳᠤᠮᠳᠠᠳᠤ ᠶᠢᠨ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠬᠦ ᠶᠡᠭᠡ ᠬᠤᠷᠠᠯ ᠤᠯᠠᠭᠠᠨᠴᠠᠪ ᠬᠤᠲᠠ ᠳᠤ ᠡᠬᠢᠯᠡᠵᠤ᠂ ᠤᠯᠠᠮᠵᠢᠯᠠᠯᠲᠤ ᠭᠠᠷ | ᠤᠷᠠᠯᠠᠯ ᠤᠨ ᠪᠦᠲᠦᠭᠡᠭᠳᠡᠬᠦᠨ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠭᠦᠯᠦᠯᠭᠡ ᠴᠤ ᠵᠡᠷᠭᠡᠪᠡᠷ | ᠶᠠᠪᠤᠭᠳᠠᠵᠤ᠂ ᠬᠤᠷᠠᠯ ᠤᠨ ᠬᠤᠭᠤᠴᠠᠭ᠎ᠠ ᠨᠢ 3 ᠡᠳᠦᠷ ᠪᠣᠯᠤᠨ᠎ᠠ᠃ | ᠲᠣᠰ ᠬᠤᠭᠤᠴᠠᠭᠠᠨ ᠤ ᠶᠡᠭᠡ ᠬᠤᠷᠡᠯ ᠢ ᠣᠯᠠᠭᠠᠨᠴᠠᠪ ᠬᠤᠳᠠ ᠶᠢᠨ ᠨᠡᠮ ᠤᠨ ᠬᠤᠷᠢᠶᠡᠨ ᠤ ᠣᠬᠠᠭᠤᠯᠬᠤ ᠬᠡᠯᠳᠡᠰ | ᠂ ᠣᠯᠠᠭᠠᠨᠴᠠᠪ ᠬᠤᠳᠠ ᠶᠢᠨ ᠰᠣᠶᠣᠯ ᠵᠢᠭᠤᠯᠴᠢᠯᠡᠯ ᠪᠡᠶ᠎ᠠ ᠲᠡᠮᠢᠷ ᠤᠨ ᠲᠣᠪᠴᠢᠶ᠎ᠠ᠂ ᠰᠢᠨᠬᠤᠸᠠ ᠰᠦᠯᠵᠢᠶ᠎ᠠ ᠠᠴᠠ | ᠭᠤᠣᠯᠯᠠᠨ ᠡᠷᠬᠢᠯᠠᠵᠣ᠂ ᠰᠢᠨᠬᠤᠸᠠ ᠰᠦᠯᠵᠢᠶ᠎ᠠ ᠶᠢᠨ ᠦᠪᠣᠷ ᠮᠣᠩᠭᠤᠯ ᠳᠠᠬᠢ ᠬᠤᠪᠢᠶᠡᠷᠢ ᠺᠣᠮᠫᠠᠨᠢ ᠠᠴᠠ | ᠲᠠᠭᠠᠭᠠᠴᠢᠯᠡᠨ ᠡᠷᠬᠢᠯᠡᠭᠰᠡᠨ ᠪᠠᠶᠢᠨ᠎ᠠ᠃ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠤᠨ ᠤᠳᠤᠷᠢᠳᠤᠯᠭ᠎ᠠ᠂ | ᠥᠪᠥᠷ ᠮᠣᠩᠭᠤᠯ ᠤᠨ ᠬᠤᠯᠪᠣᠭᠳᠠᠯ ᠪᠦᠬᠦᠢ ᠲᠢᠩᠬᠢᠮ ᠲᠤᠪᠴᠢᠶ᠎ᠠ ᠶᠢᠨ ᠤᠳᠤᠷᠢᠳᠤᠯᠭ᠎ᠠ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠨ᠂ ᠦᠢᠯᠡᠰ | ᠪᠤᠰᠬᠠᠵᠤ ᠰᠢᠨ᠎ᠡ ᠶᠢ ᠡᠭᠦᠳᠬᠦ ᠠᠵᠤ ᠠᠬᠤᠶᠢᠯᠠᠯ᠂ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠶᠢᠨ | ᠬᠠᠷᠢᠭᠤᠴᠠᠯᠭᠠᠲᠠᠨ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ᠂ ᠰᠣᠶᠣᠯ ᠤᠨ ᠡᠭᠦᠳᠦᠯᠲᠡ ᠶᠢᠨ | ᠲᠦᠷᠦᠯ ᠤᠨ ᠰᠢᠯᠢᠳᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ | ᠤᠯᠠᠮᠵᠢᠯᠠᠭᠴᠢ ᠪᠠ ᠤᠯᠠᠮᠵᠢᠯᠠᠯᠲᠤ ᠭᠠᠷ ᠤᠷᠠᠯᠠᠯ ᠤᠨ ᠳᠠᠷᠬᠠᠨ ᠵᠡᠷᠭᠡ ᠭᠤᠷᠪᠠᠨ ᠵᠠᠭᠤ ᠭᠠᠷᠤᠢ ᠬᠥᠮᠦᠨ ᠬᠤᠷᠠᠯ ᠳᠤ | ᠣᠷᠣᠯᠴᠠᠪᠠ᠃ | ᠲᠤᠰ ᠬᠤᠭᠤᠴᠠᠭᠠᠨ ᠤ ᠶᠡᠭᠡ ᠬᠤᠷᠠᠯ ᠨᠢ ᠥᠪᠥᠷ ᠮᠣᠩᠭᠤᠯ ᠳᠤ ᠰᠠᠭᠤᠷᠢᠯᠠᠵᠤ᠂ ᠳᠤᠮᠳᠠ ᠪᠠᠷᠠᠭᠤᠨ ᠣᠷᠣᠨ ᠢ | ᠨᠥᠯᠥᠭᠡᠯᠡᠨ᠂ ᠪᠦᠬᠦ ᠤᠯᠤᠰ ᠲᠤ ᠬᠠᠨᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠭᠠᠷ ᠤᠷᠠᠯᠠᠯ ᠢ | ᠳᠡᠯᠭᠡᠨ ᠦᠵᠡᠭᠦᠯᠵᠦ᠂ ᠰᠣᠶᠣᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠵᠦ᠂ | ᠰᠣᠶᠣᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠵᠦ᠂ ᠰᠣᠶᠣᠯ ᠤᠨ ᠠᠵᠤ | ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃ ᠬᠤᠷᠠᠯ | ᠳᠡᠭᠡᠷ᠎ᠡ᠂ ᠥᠪᠥᠷ ᠮᠣᠩᠭᠤᠯ ᠤᠨ 21 ᠤᠨᠴᠠᠯᠢᠬᠳᠤ ᠲᠠᠭᠠᠭᠤᠯᠣᠭᠴᠢ ᠠᠵᠤ ᠠᠬᠤᠶᠢᠯᠠᠯ ᠬᠠᠮᠲᠤ ᠪᠠᠷ ᠢᠶᠠᠨ ᠣᠭ | ᠰᠣᠷᠪᠣᠯᠵᠢ ᠶᠢᠨ ᠮᠦᠷᠳᠡᠯ ᠳᠤᠮᠳᠠᠳᠤ ᠤᠯᠤᠰ · ᠢᠲᠡᠭᠡᠮᠵᠢᠲᠦ ᠨᠠᠷᠠᠲᠤ ᠲᠡᠮᠳᠡᠭᠲᠦ ᠶᠢᠨ ︽ᠣᠳᠣᠨ︾ | ᠲᠥᠯᠥᠪᠯᠡᠭᠡ ᠶᠢᠨ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃ ᠣᠭ ᠰᠣᠷᠪᠣᠯᠵᠢ ᠶᠢᠨ ᠮᠦᠷᠳᠡᠯ ᠳᠤᠮᠳᠠᠳᠤ | ᠤᠯᠤᠰ · ᠢᠲᠡᠭᠡᠮᠵᠢᠲᠦ ᠨᠠᠷᠠᠲᠤ ᠲᠥᠷᠥᠯ ᠲᠡᠮᠳᠡᠭᠲᠦ ᠶᠢᠨ ︽ᠣᠳᠣᠨ︾ ᠲᠥᠯᠥᠪᠯᠡᠭᠡ ᠨᠢ ᠰᠢᠨᠬᠤᠸᠠ | ᠰᠦᠯᠵᠢᠶ᠎ᠡ ᠶᠢᠨ ︽ᠰᠢᠨᠵᠢᠯᠡᠬᠦ ᠤᠬᠠᠭᠠᠨ ᠮᠡᠷᠭᠡᠵᠢᠯ + ᠵᠠᠭᠤᠴᠢᠯᠠᠭᠤᠷ︾ ᠲᠤ ᠲᠦᠰᠢᠭᠯᠡᠨ ᠠᠮᠢ ᠠᠬᠤᠶ ᠳᠤ | ᠦᠢᠯᠡᠴᠢᠯᠡᠵᠦ᠂ ᠳᠤᠮᠳᠠᠳᠤ ᠤᠯᠤᠰ ᠤᠨ ᠰᠢᠯᠢᠳᠡᠭ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ | ᠢᠲᠡᠭᠡᠮᠵᠢ᠂ ᠨᠠᠷᠠᠲᠤ ᠲᠥᠷᠥᠯ ᠲᠡᠮᠳᠡᠭᠲᠦ ᠶᠢᠨ ᠳᠠᠮᠵᠢᠭᠤᠯᠭ᠎ᠠ ᠪᠠ ᠨᠠᠷᠠᠲᠤ ᠲᠥᠷᠥᠯ ᠲᠡᠮᠳᠡᠭᠲᠦ ᠶᠢᠨ | ᠪᠣᠷᠣᠯᠠᠭᠤᠯᠭ᠎ᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠨ ᠨᠡᠮᠡᠷᠢᠯᠡᠬᠦ | ᠪᠤᠯᠤᠨ᠎ᠠ᠃ | ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ | ᠦᠵᠡᠭᠦᠯᠦᠯᠭᠡ ᠳᠤ ᠳᠤᠮᠳᠠᠳᠤ ᠶᠢᠨ ᠤᠯᠠᠮᠵᠢᠯᠠᠯᠲᠤ ᠭᠠᠷ ᠤᠷᠠᠯᠠᠯ ᠤᠨ ᠦᠵᠡᠭᠦᠯᠦᠯᠭᠡ ᠶᠢᠨ ᠲᠣᠭᠤᠷᠢᠭ᠂ ᠥᠪᠥᠷ | ᠮᠣᠩᠭᠤᠯ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠦᠵᠡᠭᠦᠯᠦᠯᠭᠡ ᠶᠢᠨ ᠲᠣᠭᠤᠷᠢᠭ᠂ ᠤᠯᠠᠭᠠᠨᠴᠠᠪ ᠣᠷᠣᠨ ᠤ | ᠤᠯᠠᠮᠵᠢᠯᠠᠯᠲᠤ ᠭᠠᠷ ᠤᠷᠠᠯᠠᠯ ᠤᠨ ᠦᠵᠡᠭᠦᠯᠦᠯᠭᠡ ᠶᠢᠨ ᠲᠣᠭᠤᠷᠢᠭ ᠵᠡᠷᠬᠡ ᠶᠢ ᠭᠠᠷᠭᠠᠪᠠ᠃ ᠪᠦᠬᠦ ᠤᠯᠤᠰ ᠤᠨ ᠡᠯ᠎ᠡ | ᠭᠠᠵᠠᠷ ᠤᠨ 100 ᠭᠠᠷᠤᠢ ᠠᠵᠤ ᠠᠬᠤᠶᠢᠯᠠᠯ ᠪᠣᠯᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢ | ᠴᠤᠭᠯᠠᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ ᠰᠢᠯᠢᠳᠡᠭ ᠭᠠᠷ ᠤᠷᠠᠯᠠᠯ ᠤᠨ ᠪᠦᠲᠦᠭᠡᠭᠳᠡᠬᠦᠨ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠵᠢᠴᠢ ᠥᠪᠥᠷ ᠮᠣᠩᠭᠤᠯ ᠤᠨ ᠡᠯ᠎ᠡ ᠭᠠᠵᠠᠷ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠦᠷᠦᠯ ᠵᠦᠢᠯ ᠪᠣᠯᠤᠨ ᠣᠷᠣᠨ ᠨᠤᠲᠤᠭ ᠤᠨ ᠠᠮᠲᠠᠲᠤ ᠢᠳᠡᠭᠡᠨ ᠢ ᠲᠥᠪᠯᠡᠷᠡᠩᠭᠦᠢ ᠳᠡᠯᠭᠡᠨ | ᠦᠵᠡᠭᠦᠯᠦᠭᠰᠡᠨ ᠪᠠᠶᠢᠨ᠎ᠠ᠃ | 2016 ᠣᠨ ᠠᠴᠠ ᠨᠠᠰᠢ᠂ ᠳᠤᠮᠳᠠᠳᠤ ᠤᠯᠤᠰ ᠤᠨ ᠦᠢᠯᠡᠰ ᠪᠤᠰᠬᠠᠬᠤ ᠰᠢᠨ᠎ᠡ ᠶᠢ ᠡᠭᠦᠳᠬᠦ | ᠦᠵᠡᠰᠬᠦᠯᠡᠩ ᠤᠨ ᠴᠤᠭᠯᠠᠭᠠᠨ ᠢ ᠤᠯᠠᠭᠠᠨᠴᠠᠪ ᠬᠤᠳᠠ ᠳᠤ ᠵᠠᠯᠭᠠᠪᠡᠷ ᠲᠦᠷᠪᠡᠨ ᠬᠤᠭᠤᠴᠠᠭ᠎ᠠ ᠠᠮᠵᠢᠯᠲᠠ ᠲᠠᠢ | ᠡᠷᠬᠢᠯᠡᠪᠡ᠃ ᠮᠢᠩᠭᠠᠨ ᠲᠤᠰᠬᠠᠢ ᠮᠡᠷᠭᠡᠵᠢᠯᠲᠡᠨ ᠡᠷᠳᠡᠮᠲᠡᠨ ᠪᠣᠯᠤᠨ ᠤᠯᠤᠰ ᠤᠨ ᠶᠠᠮᠤᠨ ᠵᠥᠪᠯᠡᠯ ᠵᠢᠴᠢ ᠮᠤᠵᠢ | ᠣᠷᠣᠨ ᠬᠤᠳᠠ ᠶᠢᠨ ᠤᠳᠤᠷᠢᠳᠤᠯᠭ᠎ᠠ ᠶᠢ ᠣᠷᠣᠯᠴᠠᠭᠤᠯᠵᠤ᠂ 1500 ᠭᠠᠷᠤᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠪᠡᠯᠡ ᠣᠷᠣᠭᠤᠯᠤᠯᠲᠠ ᠶᠢᠨ ᠪᠠᠶᠢᠭᠤᠯᠤᠮᠵᠢ᠂ | ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠠᠵᠤ ᠠᠬᠤᠶᠢᠯᠠᠯ᠂ ᠰᠢᠯᠢᠳᠡᠭ ᠰᠢᠨ᠎ᠡ ᠶᠢ ᠡᠭᠦᠳᠦᠭᠴᠢᠳ ᠢ | ᠴᠤᠭᠯᠠᠭᠠᠨ ᠳᠤ ᠣᠷᠣᠯᠴᠠᠭᠤᠯᠵᠤ᠂ ᠨᠡᠶᠢᠳᠡ 25 ᠤᠳᠠᠭ᠎ᠠ ᠶᠢᠨ ᠲᠦᠷᠦᠭᠦᠴᠦᠳ ᠤᠨ ᠶᠠᠷᠢᠶᠠᠨ ᠤ ᠲᠠᠪᠴᠠᠩ᠂ 5 | ᠤᠳᠠᠭ᠎ᠠ ᠶᠢᠨ ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ ᠪᠣᠯᠤᠨ ᠠᠷᠪᠠᠨ ᠶᠡᠭᠡ ᠭᠤᠣᠯ ᠰᠡᠳᠦᠪᠲᠦ | ᠦᠵᠡᠰᠬᠦᠯᠡᠩ ᠢ ᠡᠷᠬᠢᠯᠡᠵᠦ᠂ ᠤᠯᠤᠰ ᠤᠨ ᠳᠣᠲᠣᠭᠠᠳᠤ ᠶᠢᠨ ᠦᠢᠯᠡᠰ ᠪᠤᠰᠬᠠᠵᠤ ᠰᠢᠨ᠎ᠡ ᠶᠢ ᠡᠭᠦᠳᠬᠦ | ᠬᠦᠷᠢᠶᠡᠨ ᠳᠠᠬᠢ ᠨᠥᠯᠥᠭᠡᠯᠡᠬᠦ ᠬᠦᠴᠦᠨ ᠲᠠᠢ ᠦᠪᠡᠳᠡᠭᠰᠢ ᠴᠤᠭᠯᠠᠭᠠᠨ ᠪᠣᠯᠤᠭᠰᠠᠨ ᠪᠠᠶᠢᠨ᠎ᠠ᠃ | | |