ᠹᠧᠩᠵᠧᠨ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠥᠳᠡᠭᠡ ᠲᠣᠰᠬᠤᠨ ᠳᠤ ᠬᠦᠷᠭᠡᠬᠦ ᠲᠦᠷᠭᠡᠨ ᠬᠦᠷᠭᠡᠬᠦ ᠵᠦᠢᠯ 12 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2023/10/18
    ᠹᠧᠩᠵᠧᠨ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠡᠨᠡ ᠵᠢᠯ ᠤᠨ 2 ᠰᠠᠷ᠎ᠠ ᠳᠤ ᠵᠢᠩᠬᠢᠨᠢ ᠪᠠᠷ ᠠᠵᠢᠯᠯᠠᠭᠤᠯᠪᠠ ᠃ ᠳᠤᠰ ᠲᠥᠷᠥᠯ ᠵᠦᠢᠯ ᠢ ᠬᠡᠷᠡᠭᠵᠢᠭᠦᠯᠦᠭᠰᠡᠨ ᠨᠢ ᠲᠦᠷᠭᠡᠨ ᠬᠦᠷᠭᠡᠯᠲᠡ ᠶᠢ ᠬᠥᠳᠡᠭᠡ ᠲᠣᠰᠬᠤᠨ ᠳᠤ ᠣᠷᠣᠭᠤᠯᠬᠤ ︽ᠡᠴᠦᠰ ᠤᠨ ᠨᠢᠭᠡ ᠺᠢᠯᠣᠮᠧᠲᠷ︾ ᠢ ᠪᠦᠲᠦᠮᠵᠢᠲᠡᠶ ᠪᠠᠷ ᠨᠠᠪᠲᠠᠷᠡᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ ᠲᠦᠭᠡᠮᠡᠯᠵᠢᠯᠲᠡ ᠪᠠ ᠬᠡᠷᠡᠭᠯᠡᠯᠲᠡ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠥᠷᠥᠯ ᠵᠦᠢᠯ ᠳᠤ ︽ᠹᠧᠩ ᠴᠤᠸᠠᠨ ᠣᠶᠤᠨᠲᠤ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠠᠪᠴᠠᠩ︾ ᠵᠢᠴᠢ ᠦᠵᠦᠭᠦᠷ ᠤᠨ ᠦᠢᠯᠡᠴᠢᠯᠡᠭᠡᠨ ᠤ ᠦᠵᠦᠭᠦᠷ ᠤᠨ ︽ᠹᠧᠩ ᠴᠤᠸᠠᠨ ᠬᠥᠳᠡᠭᠡ ᠲᠣᠰᠬᠤᠨ ᠳᠤ ᠨᠡᠪᠲᠡᠷᠡᠬᠦ︾ ᠮᠡᠳᠡᠭᠡ ᠵᠠᠩᠭᠢ ᠶᠢᠨ ᠲᠠᠪᠴᠠᠩ ᠢ ᠢᠵᠢ ᠪᠦᠷᠢᠳᠦᠭᠦᠯᠦᠨ ᠪᠠᠶᠢᠭᠤᠯᠵᠤ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢ ᠬᠤᠷᠢᠶᠠᠨ ᠳᠠᠮᠵᠢᠭᠤᠯᠬᠤ᠂ ᠦᠢᠯᠡᠴᠢᠯᠡᠭᠡᠨ ᠤ ᠪᠥᠬᠦ ᠶᠠᠪᠤᠴᠠ ᠶᠢ ᠲᠣᠭᠠᠴᠢᠯᠠᠬᠤ ᠶᠢ ᠪᠡᠶᠡᠯᠡᠭᠦᠯᠪᠡ᠃     ᠣᠲᠣ ᠪᠣᠯᠲᠠᠯ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠳᠤ ᠨᠡᠶᠢᠲᠡ 4 ᠵᠦᠢᠯ ᠤᠨ ᠲᠣᠬᠢᠷᠠᠭᠤᠯᠤᠨ ᠬᠦᠷᠭᠡᠬᠦ ᠵᠠᠮ ᠱᠤᠭᠤᠮ ᠢ ᠨᠠᠪᠲᠠᠷᠡᠭᠦᠯᠵᠦ᠂ ᠦᠢᠯᠡᠴᠢᠯᠡᠭᠡᠨ ᠤ ᠥᠷᠲᠡᠭᠡ ᠴᠡᠭ ᠨᠢ ᠪᠥᠬᠦ ᠬᠤᠲᠠ ᠶᠢᠨ 8 ᠰᠢᠶᠠᠩ ᠪᠠᠯᠭᠠᠰᠤ ᠪᠠ 50 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠡᠳᠦᠷ ᠲᠤ 1000 ᠲᠦᠷᠭᠡᠨ ᠬᠦᠷᠭᠡᠬᠦ ᠵᠦᠢᠯ ᠢ ᠲᠣᠮᠢᠯᠠᠨ ᠬᠦᠷᠭᠡᠵᠦ᠂ ᠬᠥᠳᠡᠭᠡ ᠲᠣᠰᠬᠤᠨ ᠳᠤ ᠨᠡᠶᠢᠲᠡ 12 ᠲᠦᠮᠡ ᠶᠢ ᠳᠠᠪᠠᠭᠰᠠᠨ ᠲᠦᠷᠭᠡᠨ ᠬᠦᠷᠭᠡᠬᠦ ᠵᠦᠢᠯ ᠢ ᠲᠣᠬᠢᠷᠠᠭᠤᠯᠤᠨ ᠬᠦᠷᠭᠡᠭᠰᠡᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠳᠤ ᠪᠥᠬᠦ ᠬᠤᠲᠠ ᠶᠢᠨ ᠵᠠᠰᠠᠭ ᠵᠠᠬᠢᠷᠭᠠᠨ ᠤ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠤᠰᠤᠳ ᠵᠠᠰᠠᠭ ᠵᠠᠬᠢᠷᠭᠠᠨ ᠤ ᠲᠣᠰᠬᠤᠨ ᠳᠤ 20 ᠦᠢᠯᠡᠴᠢᠯᠡᠭᠡᠨ ᠤ ᠥᠷᠲᠡᠭᠡ ᠴᠡᠭ ᠪᠠᠶᠢᠭᠤᠯᠬᠤ ᠪᠠᠷ ᠲᠥᠯᠥᠪᠯᠡᠵᠦ᠂ ᠲᠤᠬᠠᠢ ᠶᠢᠨ ᠴᠠᠭ ᠲᠤ ᠲᠣᠮᠢᠯᠠᠨ ᠬᠦᠷᠭᠡᠬᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 77% ᠳᠤ ᠬᠦᠷᠬᠦ ᠪᠣᠯᠣᠨ᠎ᠠ᠃            ᠤᠷᠴᠢᠭᠤᠯᠤᠭᠴᠢ᠄ ᠬᠦᠰᠡᠯ            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2