ᠮᠠᠨ ᠤ ᠬᠤᠲᠠ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/19
    ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠣᠬᠢᠷᠠᠭᠤᠯᠤᠯᠲᠠ ᠪᠠᠷ᠂ 10 ᠰᠠᠷ᠎ᠠ ᠶᠢᠨ 16 ᠤ ᠡᠳᠦᠷ᠂ ᠮᠠᠨ ᠤ ᠬᠤᠲᠠ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃     ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠪᠣᠯᠪᠠᠰᠤᠷᠠᠯ ᠤᠨ ᠬᠤᠷᠠᠯ ᠳᠤ ᠣᠷᠣᠯᠴᠠᠪᠠ᠃     ᠪᠣᠯᠪᠠᠰᠤᠷᠠᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠸᠠᠩ ᠲᠤᠤ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ᠂ ᠭᠠᠵᠠᠷ ᠰᠢᠷᠣᠢ ᠶᠢᠨ ᠡᠬᠢ ᠪᠠᠶᠠᠯᠢᠭ ᠢ ᠨᠥᠭᠡᠴᠡᠯᠡᠬᠦ ᠲᠠᠪᠴᠠᠩ ᠵᠡᠷᠭᠡ ᠭᠤᠷᠪᠠᠨ ᠲᠠᠯ᠎ᠠ ᠶᠢᠨ ᠲᠣᠭᠤᠷᠢᠨ ᠳᠤ᠂ ᠠᠵᠢᠯ ᠤᠨ ᠠᠭᠤᠯᠭ᠎ᠠ᠂ ᠦᠨᠳᠦᠰᠦᠨ ᠪᠠᠶᠢᠷᠢ ᠲᠣᠭᠲᠠᠭᠠᠯᠲᠠ᠂ ᠬᠡᠷᠡᠭᠵᠢᠭᠦᠯᠬᠦ ᠠᠴᠢ ᠬᠤᠯᠪᠣᠭᠳᠠᠯ᠂ ᠲᠥᠷᠥ ᠶᠢᠨ ᠪᠣᠳᠣᠯᠭ᠎ᠠ ᠶᠢᠨ ᠬᠥᠭᠵᠢᠯᠲᠡ ᠶᠢᠨ ᠶᠠᠪᠤᠴᠠ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠭᠤᠣᠯᠳᠠᠯᠭ᠎ᠠ᠂ ᠭᠦᠢᠴᠡᠳᠬᠡᠯ ᠲᠤᠭ᠎ᠠ ᠶᠢ ᠬᠤᠪᠢᠷᠠᠭᠤᠯᠬᠤ ᠠᠷᠭ᠎ᠠ ᠵᠠᠮ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠦᠷ᠎ᠡ ᠪᠦᠲᠦᠮᠵᠢ ᠵᠡᠷᠭᠡ ᠲᠠᠯ᠎ᠠ ᠪᠠᠷ ᠪᠥᠬᠦ ᠲᠠᠯ᠎ᠠ ᠶᠢᠨ᠂ ᠰᠢᠰᠲ᠋ᠧᠮ ᠲᠠᠢ᠂ ᠠᠮᠢᠳᠤᠯᠢᠭ ᠲᠠᠶᠢᠯᠤᠮᠵᠢ ᠬᠢᠵᠦ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠤᠭᠰᠠᠨ ᠪᠠᠶᠢᠨ᠎ᠠ᠃     ᠪᠠᠶᠢᠷᠢᠯᠠᠭᠤᠯᠤᠯᠲᠠ ᠶᠣᠰᠣᠭᠠᠷ᠂ ᠲᠠᠷᠠᠭᠠᠴᠢ ᠶᠢᠨ ᠠᠯᠬᠤᠮ ᠳᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠭᠤᠣᠯᠳᠠᠯᠭ᠎ᠠ ᠲᠠᠢ ᠵᠦᠢᠯᠡᠰ ᠢ ᠠᠩᠬᠠᠷᠤᠨ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠵᠠᠪᠳᠤᠨ ᠠᠳᠬᠤᠵᠤ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠲᠣᠭᠤᠷᠢᠨ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ ᠂ ᠪᠥᠬᠦ ᠬᠤᠲᠠ ᠶᠢᠨ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠢ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2