ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/10/19
ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠢ ᠳᠤ᠄      ︽ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                                             2023 ᠣᠨ ᠤ 7 ᠰᠠᠷ᠎ᠠ ᠶᠢᠨ 13 ᠤ ᠡᠳᠦᠷ                                              ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶      ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ    ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ︽ᠤᠯᠠᠭᠠᠨᠴᠠᠪ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠳᠥᠷᠪᠡᠨ ᠲᠤᠰᠬᠠᠢ ᠠᠵᠢᠯᠯᠠᠭ᠎ᠠ︾ ᠪᠠ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠲᠣᠰ ᠲᠥᠷᠥ ᠶᠢᠨ ᠪᠣᠳᠣᠯᠭ᠎ᠠ ᠶᠢ ᠣᠨᠴᠠᠭᠠᠶᠢᠯᠠᠨ ᠲᠣᠭᠲᠠᠭᠠᠪᠠ᠃    ᠨᠢᠭᠡ᠂ ᠪᠤᠳᠤᠬᠤ ᠬᠦᠴᠦᠨ ᠤ ᠲᠣᠣᠷ ᠰᠦᠯᠵᠢᠶ᠎ᠡ ᠶᠢᠨ ᠤᠯᠤᠰ ᠤᠨ ᠬᠦᠢᠰᠦ ᠴᠡᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ    1. ᠳ᠋ᠠᠶᠢᠲ᠋ᠠ ᠶᠢᠨ ᠲᠥᠪ ᠤᠨ ᠲᠥᠷᠥᠯ ᠵᠦᠢᠯ ᠤᠨ ᠡᠨᠧᠷᠭᠢ ᠬᠡᠷᠡᠭᠯᠡᠬᠦ ᠪᠠ ᠭᠠᠵᠠᠷ ᠬᠡᠷᠡᠭᠯᠡᠬᠦ ᠶᠢ ᠪᠠᠲᠤᠯᠠᠨ᠎ᠠ᠃ ᠵᠢᠨᠢᠩ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠭᠰᠠᠨ ᠪᠥᠬᠦ ᠤᠯᠤᠰ ᠲᠤ ᠬᠠᠨᠳᠤᠭᠤᠯᠤᠭᠰᠠᠨ ᠪᠤᠳᠤᠬᠤ ᠬᠦᠴᠦᠨ ᠤ ᠦᠢᠯᠡᠴᠢᠯᠡᠭᠡ ᠬᠠᠩᠭᠠᠬᠤ ᠳ᠋ᠠᠶᠢᠲ᠋ᠠ ᠶᠢᠨ ᠲᠥᠪ ᠤᠨ ᠠᠵᠤ ᠠᠬᠤᠶᠢᠯᠠᠯ ᠳᠤ ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠠᠰ ᠲᠤᠨᠢ ᠭᠦᠢᠴᠡᠳᠬᠡᠬᠦ ᠲᠤᠭ᠎ᠠ ᠶᠢ ᠮᠡᠳᠡᠭᠦᠯᠬᠦ ᠶᠢ ᠳᠡᠮᠵᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠠᠪᠠᠷ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶     2. ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠳᠤ ᠴᠠᠬᠢᠯᠭᠠᠨ ᠤ ᠦᠨ᠎ᠡ ᠶᠢᠨ ᠳᠡᠮᠵᠢᠯᠭᠡ ᠦᠵᠡᠭᠦᠯᠦᠨ᠎ᠡ᠃ ᠵᠢᠨᠢᠩ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠭᠰᠠᠨ ᠲᠣᠮᠣ ᠬᠡᠯᠪᠡᠷᠢ ᠶᠢᠨ᠂ ᠬᠡᠲᠦ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ᠤᠨ ᠲᠥᠷᠥᠯ ᠵᠦᠢᠯ ᠳᠤ ᠤᠯᠤᠰ ᠤᠨ ᠲᠣᠭᠲᠠᠭᠠᠯ ᠳᠤ ᠨᠡᠶᠢᠴᠡᠭᠰᠡᠨ ᠴᠠᠬᠢᠯᠭᠠᠨ ᠤ ᠦᠨ᠎ᠡ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ︶    ᠬᠤᠶᠠᠷ᠂ ᠲᠣᠭᠠᠴᠢᠯᠠᠭᠰᠠᠨ ᠠᠵᠤ ᠦᠢᠯᠡᠰ ᠤᠨ ᠲᠦᠷᠭᠡᠳᠬᠡᠨ ᠬᠥᠭᠵᠢᠭᠦᠯᠬᠦ ᠶᠢ ᠳᠡᠮᠵᠢᠨ᠎ᠡ    3. ᠲᠣᠭᠠᠴᠢᠯᠠᠭᠰᠠᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠳᠡᠮᠵᠢᠨ ᠪᠤᠵᠠᠭᠠᠶᠢᠷᠠᠭᠤᠯᠤᠨ᠎ᠠ᠃ ᠬᠠᠭᠠᠰ ᠳᠠᠮᠵᠢᠭᠤᠯᠤᠭᠴᠢ᠂ ᠴᠢᠮᠡᠭᠡ ᠬᠤᠯᠪᠣᠭ᠎ᠠ ᠶᠢᠨ ᠲᠥᠬᠦᠭᠡᠷᠦᠮᠵᠢ᠂ ᠬᠢᠮᠡᠯ ᠣᠶᠤᠨ᠂ ᠮᠡᠳᠡᠭᠡ ᠵᠠᠩᠭᠢ ᠶᠢᠨ ᠠᠮᠤᠷ ᠲᠦᠪᠰᠢᠨ᠂ ᠵᠢᠯᠣᠭᠤᠴᠢ ᠦᠭᠡᠢ ᠨᠢᠰᠬᠡᠯ᠂ ᠰᠡᠷᠡᠯ ᠳᠠᠮᠵᠢᠭᠤᠯᠤᠭᠤᠷ᠂ ᠺᠣᠮᠫᠢᠦ᠋ᠲ᠋ᠧᠷ᠂ ᠬᠡᠷᠡᠯ ᠴᠠᠬᠢᠯᠭᠠᠨ᠂ ᠡᠯᠧᠺᠲᠷᠣᠨ ᠲᠤᠰᠬᠠᠢ ᠬᠡᠷᠡᠭᠯᠡᠭᠡᠨ ᠤ ᠲᠣᠨᠤᠭ ᠲᠥᠬᠦᠭᠡᠷᠦᠮᠵᠢ᠂ ᠰᠢᠨ᠎ᠡ ᠬᠡᠯᠪᠡᠷᠢ ᠶᠢᠨ ᠲᠣᠳᠣᠷᠠᠭᠤᠯᠬᠤ ᠲᠥᠬᠦᠭᠡᠷᠦᠮᠵᠢ᠂ ᠲᠤᠭ᠎ᠠ ᠪᠠᠷᠢᠮᠲᠠ ᠶᠢᠨ ᠲᠥᠪ ᠤᠨ ᠬᠠᠮᠢᠶ᠎ᠠ ᠪᠦᠬᠦᠢ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠢᠯᠡᠳᠬᠦ ᠵᠢᠴᠢ ᠵᠠᠩᠭᠢᠯᠠᠭ᠎ᠠ ᠶᠢᠨ ᠡᠯᠧᠺᠲᠷᠣᠨ ᠮᠠᠲ᠋ᠧᠷᠢᠶᠠᠯ᠂ ᠰᠡᠯᠪᠢᠭ ᠲᠣᠨᠤᠭ ᠵᠡᠷᠭᠡ ᠲᠣᠭᠠᠴᠢᠯᠠᠭᠰᠠᠨ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ ᠠᠩᠬ᠎ᠠ ᠤᠳᠠᠭ᠎ᠠ 5000 ᠲᠦᠮᠡᠨ ᠲᠥᠭᠦᠷᠢᠭ᠂ 1 ᠳ᠋ᠦᠩᠰᠢᠭᠤᠷ ᠲᠥᠭᠦᠷᠢᠭ᠂ 5 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠪᠠᠯ᠂ ᠲᠣᠰ ᠲᠣᠰ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠯ ᠨᠦᠬᠦᠪᠦᠷᠢ ᠣᠯᠭᠤᠨ᠎ᠠ︔ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠡᠭᠡᠭᠰᠢ ᠮᠥᠷᠲᠡᠭᠡᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠡ ᠨᠢ 10% ᠠᠴᠠ ᠳᠡᠭᠡᠭᠰᠢ ᠪᠠᠶᠢᠪᠠᠯ᠂ ᠭᠤᠣᠯ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢᠨ 5% ᠪᠠᠷ ᠱᠠᠩᠨᠠᠵᠤ᠂ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠣᠭᠠᠴᠢᠯᠠᠭᠰᠠᠨ ᠲᠣᠨᠤᠭ ᠲᠥᠬᠦᠭᠡᠷᠦᠮᠵᠢ ᠦᠢᠯᠡᠳᠬᠦ ᠬᠥᠭᠵᠢᠯᠲᠡ ᠶᠢᠨ ᠤᠳᠤᠷᠢᠳᠤᠮᠵᠢ ᠳᠤ ᠨᠡᠶᠢᠴᠡᠵᠦ᠂ ᠪᠡᠯᠡ ᠣᠷᠣᠭᠤᠯᠤᠯᠲᠠ ᠶᠢᠨ ᠡᠷᠴᠢᠮ ᠨᠢ ᠮᠦ ᠪᠦᠷᠢ 300 ᠲᠦᠮᠡᠨ ᠲᠥᠭᠦᠷᠢᠭ ᠠᠴᠠ ᠳᠣᠣᠷ᠎ᠠ ᠦᠭᠡᠢ᠂ ᠭᠠᠶᠢᠯᠢ ᠲᠠᠲᠠᠪᠤᠷᠢ ᠶᠢᠨ ᠭᠠᠷᠭᠠᠯᠲᠠ  ᠨᠢ ᠮᠦ ᠪᠦᠷᠢ 30 ᠲᠦᠮᠡᠨ ᠲᠥᠭᠦᠷᠢᠭ ᠠᠴᠠ ᠳᠣᠣᠷ᠎ᠠ ᠦᠭᠡᠢ ᠬᠡᠷᠡᠭᠯᠡᠬᠦ ᠭᠠᠵᠠᠷ ᠰᠢᠷᠣᠢ ᠶᠢᠨ ᠲᠥᠷᠥᠯ ᠤᠨ ᠥᠪᠡᠰᠦᠪᠡᠨ ᠪᠠᠶᠢᠭᠤᠯᠤᠭᠰᠠᠨ ᠲᠥᠷᠥᠯ ᠵᠦᠢᠯ ᠳᠤ ᠪᠣᠯ᠂ ᠲᠥᠷᠥᠯ ᠵᠦᠢᠯ ᠢ ᠪᠠᠶᠢᠭᠤᠯᠤᠭᠰᠠᠨ ᠡᠳᠦᠷ ᠠᠴᠠ ᠡᠬᠢᠯᠡᠨ ᠭᠤᠷᠪᠠᠨ ᠵᠢᠯ ᠳᠠᠷᠠᠭᠠᠯᠠᠨ ᠦᠢᠯᠡᠳᠪᠦᠷᠢᠯᠡᠯ ᠤᠨ ᠦᠷ᠎ᠡ ᠪᠦᠲᠦᠮᠵᠢ ᠳᠤ ᠬᠦᠷᠦᠭᠦᠯᠵᠦ᠂ ᠪᠣᠳᠠᠲᠠᠢ ᠦᠢᠯᠡᠳᠪᠦᠷᠢᠯᠡᠯ ᠤᠨ ᠱᠤᠭᠤᠮ ᠤᠨ ᠲᠥᠬᠦᠭᠡᠷᠦᠮᠵᠢ ᠬᠤᠳᠠᠯᠳᠤᠨ ᠠᠪᠬᠤ ᠵᠠᠷᠤᠳᠠᠯ ᠤᠨ ᠶᠡᠷᠦᠩᠬᠡᠢ ᠲᠣᠭᠠᠨ ᠤ 10% ᠪᠠᠷ ᠭᠤᠷᠪᠠᠨ ᠵᠢᠯ ᠤᠨ ᠬᠤᠭᠤᠴᠠᠭ᠎ᠠ ᠲᠠᠢ ᠨᠥᠬᠦᠪᠦᠷᠢ ᠣᠯᠭᠤᠨ᠎ᠠ᠂ ᠬᠠᠮᠤᠭ ᠤᠨ ᠥᠨᠳᠥᠷ ᠨᠥᠬᠦᠪᠦᠷᠢ ᠮᠥᠩᠭᠦ ᠶᠢᠨ ᠲᠤᠭ᠎ᠠ ᠨᠢ 200 ᠲᠦᠮᠡᠨ ᠲᠥᠭᠦᠷᠢᠭ ᠠᠴᠠ ᠬᠡᠲᠦᠷᠡᠬᠦ ᠦᠭᠡᠢ᠃ ︵ᠡᠭᠦᠨ ᠳᠤ᠄ ᠨᠢᠭᠡᠳᠦᠭᠡᠷ ᠵᠢᠯ ᠳᠤ 40% ᠶᠢᠨ ᠨᠥᠬᠦᠪᠦᠷᠢ ᠥᠭᠴᠦ᠂ ᠬᠤᠶᠠᠳᠤᠭᠠᠷ ᠵᠢᠯ ᠳᠤ 30% ᠶᠢᠨ ᠨᠥᠬᠦᠪᠦᠷᠢ ᠥᠭᠴᠦ᠂ ᠭᠤᠷᠪᠠᠳᠤᠭᠠᠷ ᠵᠢᠯ ᠳᠤ 30% ᠶᠢᠨ ᠨᠥᠬᠦᠪᠦᠷᠢ ᠥᠭᠭᠦᠨ᠎ᠡ︶ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶   4. ᠵᠥᠭᠡᠯᠡᠨ ᠲᠣᠨᠤᠭ ᠬᠢᠭᠡᠳ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠬᠦ ᠶᠢ ᠵᠣᠷᠢᠭᠵᠢᠭᠤᠯᠤᠨ᠎ᠠ᠃ ᠮᠠᠨ ᠤ ᠬᠤᠲᠠ ᠶᠢᠨ ᠠᠩᠬ᠎ᠠ ᠤᠳᠠᠭ᠎ᠠ ᠪᠥᠬᠦ ᠤᠯᠤᠰ ᠤᠨ ᠵᠥᠭᠡᠯᠡᠨ ᠲᠣᠨᠤᠭ ᠤᠨ ᠵᠠᠭᠤᠨ ᠬᠦᠴᠦᠷᠬᠡᠭ᠂ ᠢᠨᠲ᠋ᠧᠷ ᠰᠦᠯᠵᠢᠶᠡᠨ ᠤ ᠵᠠᠭᠤᠨ ᠬᠦᠴᠦᠷᠬᠡᠭ ᠲᠤ ᠣᠷᠣᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 200 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ ᠃ ᠵᠥᠭᠡᠯᠡᠨ‌‍ᠲ᠋ᠣᠨᠤᠭ ᠬᠢᠭᠡᠳ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠢ ᠪᠣᠶᠢᠵᠢᠭᠤᠯᠤᠨ ᠣᠷᠣᠭᠤᠯᠵᠤ ᠢᠷᠡᠨ ᠂ ᠵᠥᠭᠡᠯᠡᠨ ᠲᠣᠨᠤᠭ ᠤᠨ ᠦᠢᠯᠡᠳᠬᠦᠨ ᠢ ᠰᠤᠳᠤᠯᠤᠨ ᠨᠡᠭᠡᠭᠡᠬᠦ ᠵᠢᠴᠢ ᠬᠡᠷᠡᠭᠯᠡᠬᠦ ᠶᠢ ᠰᠢᠢᠳᠪᠦᠷᠢᠯᠡᠬᠦ ᠲᠥᠰᠥᠯ᠂ ᠰᠦᠯᠵᠢᠶᠡᠨ ᠤ ᠠᠮᠤᠷ ᠲᠦᠪᠰᠢᠨ ᠤ ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ᠂ ᠮᠡᠷᠭᠡᠵᠢᠯ ᠤᠨ ᠯᠠᠪᠯᠠᠭ᠎ᠠ ᠥᠭᠬᠦ᠂ ᠦᠢᠯᠡᠴᠢᠯᠡᠭᠡᠨ ᠢ ᠠᠵᠢᠯᠯᠠᠭᠤᠯᠵᠤ ᠪᠠᠲᠤᠯᠠᠬᠤ᠂ ᠪᠠᠶᠢᠴᠠᠭᠠᠨ ᠰᠢᠯᠭᠠᠵᠤ ᠭᠡᠷᠡᠴᠢᠯᠡᠬᠦ ᠪᠠ ᠠᠮᠤᠷ ᠲᠦᠪᠰᠢᠨ ᠤ ᠪᠣᠯᠪᠠᠰᠤᠷᠠᠭᠤᠯᠤᠯ᠂ IT ᠦᠢᠯᠡᠴᠢᠯᠡᠭᠡᠨ ᠤ ᠬᠠᠮᠢᠶᠠᠷᠤᠯᠲᠠ᠂ ᠮᠡᠳᠡᠭᠡ ᠵᠠᠩᠭᠢ ᠶᠢᠨ ᠠᠮᠤᠷ ᠲᠦᠪᠰᠢᠨ ᠤ ᠦᠢᠯᠡᠴᠢᠯᠡᠭᠡᠨ᠂ ᠵᠥᠭᠡᠯᠡᠨ ᠲᠣᠨᠤᠭ ᠤᠨ ᠡᠵᠡᠩᠨᠡᠯᠲᠡ ᠶᠢᠨ ᠦᠢᠯᠡᠴᠢᠯᠡᠭᠡᠨ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠠᠩᠬ᠎ᠠ ᠤᠳᠠᠭ᠎ᠠ CMMI ︵ᠴᠢᠳᠠᠪᠤᠷᠢ ᠶᠢᠨ ᠪᠣᠯᠪᠠᠰᠤᠷᠠᠯᠲᠠ ᠶᠢᠨ ᠬᠡᠮᠵᠢᠶ᠎ᠡ ᠶᠢᠨ ᠵᠠᠭᠪᠤᠷ ᠤᠨ ᠬᠤᠷᠠᠮᠠᠯ︶ 3 ᠲᠠᠰ᠂ 4 ᠲᠠᠰ᠂ 5 ᠲᠠᠰ ᠤᠨ ᠭᠡᠷᠡᠴᠢᠯᠡᠭᠡ ᠶᠢ ᠥᠩᠭᠡᠷᠡᠭᠡᠭᠰᠡᠨ ᠵᠥᠭᠡᠯᠡᠨ ᠲᠣᠨᠤᠭ ᠤᠨ ᠠᠵᠤ ᠠᠬᠤᠶᠢᠯᠠᠯ ᠳᠤ ᠲᠣᠰ ᠲᠣᠰ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ITSS ︵ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠪᠠᠷᠢᠮᠵᠢᠶ᠎ᠠ︶ ᠶᠢᠨ ᠠᠵᠢᠯᠯᠠᠭᠠᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠠᠩᠬ᠎ᠠ ᠤᠳᠠᠭ᠎ᠠ ᠪᠠᠲᠤᠯᠠᠵᠤ᠂ ᠡᠭᠦᠯᠡᠨ ᠦᠢᠯᠡᠴᠢᠯᠡᠭᠡᠨ ᠤ ᠪᠠᠷᠢᠮᠵᠢᠶ᠎ᠠ ᠨᠢ ᠦᠨᠡᠯᠡᠨ ᠵᠢᠱᠢᠬᠦ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠲᠤ ᠨᠡᠶᠢᠴᠡᠭᠰᠡᠨ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ DCMM ︵ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠪᠣᠯᠪᠠᠰᠤᠷᠠᠩᠭᠤᠢ ᠪᠣᠯᠤᠭᠰᠠᠨ ᠬᠡᠮᠵᠢᠶ᠎ᠡ ᠶᠢᠨ ᠵᠠᠭᠪᠤᠷ︶ ᠶᠢᠨ 3 ᠲᠠᠰ᠂ 4 ᠲᠠᠰ᠂ 5 ᠳᠡᠰ ᠲᠤ ᠠᠩᠬ᠎ᠠ ᠤᠳᠠᠭ᠎ᠠ ᠬᠦᠷᠦᠭᠰᠡᠨ ᠠᠵᠤ ᠠᠬᠤᠶᠢᠯᠠᠯ ᠳᠤ ᠲᠣᠰ ᠲᠣᠰ 5 ᠲᠦᠮᠡᠨ ᠲᠥᠭᠦᠷᠢᠭ᠂ 10 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠳᠣᠣᠷ᠎ᠠ ᠲᠡᠰ ᠠᠴᠠ ᠳᠡᠭᠡᠳᠦ ᠲᠡᠰ ᠲᠡᠰᠢ ᠲᠡᠰ ᠳᠡᠪᠰᠢᠭᠰᠡᠨ ᠪᠠᠶᠢᠪᠠᠯ᠂ ᠲᠡᠭᠦᠨ ᠤ ᠵᠥᠷᠢᠶᠡᠲᠦ ᠲᠣᠭᠠᠨ ᠤ ᠬᠡᠰᠡᠭ ᠢ ᠱᠠᠩᠨᠠᠨ ᠬᠥᠬᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶   5. ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶᠡᠰᠦ ᠶᠢᠨ ᠳᠡᠭᠡᠳᠦ ᠳᠣᠣᠷᠠᠳᠤ ᠤᠷᠤᠰᠬᠠᠯ ᠤᠨ ᠵᠣᠯᠭᠠᠭᠤᠯᠤᠯᠲᠠ ᠶᠢ ᠴᠢᠩᠭᠠᠷᠠᠭᠤᠯᠤᠨ᠎ᠠ᠃ ᠮᠠᠨ ᠤ ᠬᠤᠲᠠ ᠠᠩᠬ᠎ᠠ ᠤᠳᠠᠭ᠎ᠠ ᠪᠥᠬᠦ ᠤᠯᠤᠰ ᠤᠨ ᠲᠣᠮᠣ ᠳ᠋ᠠᠶᠢᠲ᠋ᠠ ᠶᠢᠨ 50 ᠬᠦᠴᠦᠷᠬᠡᠭ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠭᠤᠣᠯᠯᠠᠨ ᠬᠠᠮᠢᠶᠠᠷᠴᠤ ᠪᠠᠶᠢᠭ᠎ᠠ ᠳᠤᠮᠳᠠᠳᠤ ᠤᠯᠤᠰ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠠᠮᠢ ᠠᠬᠤᠢ ᠶᠢᠨ ᠬᠤᠯᠪᠣᠭᠠᠨ ᠤ ᠰᠢᠯᠭᠠᠷᠠᠭᠤᠯᠤᠯᠲᠠ ᠶᠢᠨ ᠨᠡᠷᠡᠰ ᠤᠨ ᠵᠢᠭᠰᠠᠭᠠᠯᠲᠠ︶ ᠳᠤ ᠣᠷᠣᠭᠰᠠᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 200 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠲᠤᠭ᠎ᠠ ᠪᠠᠷᠢᠮᠲᠠ ᠴᠤᠭᠯᠠᠭᠤᠯᠬᠤ᠂ ᠬᠠᠳᠠᠭᠠᠯᠠᠬᠤ᠂ ᠤᠬᠢᠶᠠᠵᠤ ᠴᠡᠪᠡᠷᠯᠡᠬᠦ᠂ ᠵᠠᠳᠠᠯᠬᠤ᠂ ᠠᠭᠤᠳᠠᠯᠬᠤ᠂ ᠦᠵᠡᠭᠳᠡᠬᠦᠶᠢᠴᠡ ᠪᠣᠯᠭᠠᠬᠤ᠂ ᠠᠮᠤᠷ ᠲᠦᠪᠰᠢᠨ ᠢ ᠪᠠᠲᠤᠯᠠᠬᠤ᠂ ᠲᠤᠭ᠎ᠠ ᠪᠠᠷᠢᠮᠲᠠ ᠶᠢ ᠳᠠᠩᠰᠠᠯᠠᠬᠤ᠂ ᠲᠤᠭ᠎ᠠ ᠪᠠᠷᠢᠮᠲᠠ ᠶᠢᠨ ᠡᠷᠬᠡ ᠶᠢ ᠨᠤᠲᠠᠯᠠᠨ ᠲᠣᠭᠲᠠᠭᠠᠬᠤ᠂ ᠲᠤᠭ᠎ᠠ ᠪᠠᠷᠢᠮᠲᠠ ᠶᠢᠨ ᠦᠨ᠎ᠡ ᠲᠣᠭᠲᠠᠭᠠᠬᠤ ᠵᠡᠷᠭᠡ ᠬᠡᠷᠡᠭᠯᠡᠭᠡᠨ ᠤ ᠦᠢᠯᠡᠳᠬᠦᠨ ᠢ ᠰᠤᠳᠤᠯᠤᠨ ᠨᠡᠭᠡᠭᠡᠬᠦ ᠵᠢᠴᠢ ᠠᠵᠤ ᠦᠢᠯᠡᠰᠵᠢᠭᠦᠯᠬᠦ ᠶᠢ ᠠᠬᠢᠭᠤᠯᠤᠨ᠎ᠠ᠃ ᠳ᠋ᠠᠶᠢᠲ᠋ᠠ ᠶᠢᠨ ᠠᠷᠠᠯᠵᠢᠶᠠᠨ ᠤ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠳ᠋ᠠᠶᠢᠲ᠋ᠠ ᠶᠢᠨ ᠬᠦᠴᠦᠨ ᠵᠦᠢᠯ ᠤᠨ ᠭᠦᠢᠯᠭᠡᠭᠡᠨ ᠢ ᠠᠬᠢᠭᠤᠯᠤᠨ᠎ᠠ᠃ ᠳᠡᠭᠡᠷᠡᠬᠢ ᠠᠵᠤ ᠦᠢᠯᠡᠰ ᠤᠨ ᠲᠥᠷᠥᠯ ᠬᠡᠯᠪᠡᠷᠢ ᠶᠢᠨ ᠠᠵᠤ ᠠᠬᠤᠶᠢᠯᠠᠯ ᠨᠢ ᠮᠠᠨ ᠤ ᠬᠤᠲᠠ ᠳᠤ ᠳᠠᠩᠰᠠᠯᠠᠭᠤᠯᠤᠭᠰᠠᠨ ᠪᠦᠭᠡᠳ᠂ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 ᠲᠦᠮᠡᠨ ᠲᠥᠭᠦᠷᠢᠭ ︵ᠪᠠᠭᠲᠠᠨ᠎ᠠ︶ ᠠᠴᠠ ᠳᠡᠭᠡᠭᠰᠢ ᠪᠠᠶᠢᠪᠠᠯ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ 1% ᠪᠠᠷ ᠱᠠᠩᠨᠠᠨ ᠬᠥᠬᠢᠭᠦᠯᠵᠦ᠂ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶   6. ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠮᠠᠨ ᠤ ᠬᠤᠲᠠ ᠳᠤ ᠢᠷᠡᠵᠦ ᠰᠠᠭᠤᠷᠢᠰᠢᠭᠰᠠᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠳᠤ᠂ ᠤᠯᠠᠭᠠᠨᠴᠠᠪ ᠬᠤᠲᠠ ᠶᠢᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶    ᠭᠤᠷᠪᠠ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠨ᠎ᠡ    7. ᠠᠵᠤ ᠠᠬᠤᠶᠢᠯᠠᠯ ᠤᠨ ᠲᠣᠭᠠᠵᠢᠭᠤᠯᠬᠤ ᠥᠭᠡᠷᠡᠴᠢᠯᠡᠯᠲᠡ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠠᠷ ᠮᠡᠳᠡᠷᠡᠭᠳᠡᠭᠰᠡᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠬᠡᠪ ᠳᠠᠭᠤᠷᠢᠶᠠᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 100 ᠲᠦᠮᠡᠨ ᠲᠥᠭᠦᠷᠢᠭ ᠣᠯᠭᠤᠨ᠎ᠠ᠃ 5G ᠵᠡᠷᠭᠡ ᠰᠢᠨ᠎ᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠶᠢᠲᠡᠯᠢᠭ ᠬᠡᠷᠡᠭᠯᠡᠭᠡᠨ ᠤ ᠲᠠᠯᠠᠪᠤᠷ ᠤᠨ ᠲᠥᠷᠥᠯ ᠵᠦᠢᠯ ᠳᠤ᠂ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20%᠂ ᠲᠠᠩ ᠭᠠᠭᠴᠠ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    8. ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠡᠭᠦᠳᠦᠨ ᠪᠠᠶᠢᠭᠤᠯᠤᠭᠰᠠᠨ ᠣᠷᠣᠨ ᠪᠦᠰᠡ ᠶᠢᠨ ᠲᠠᠰ᠂ ᠠᠵᠢᠯ ᠲᠥᠷᠥᠯ ᠤᠨ ᠲᠠᠰ᠂ ᠠᠵᠤ ᠠᠬᠤᠶᠢᠯᠠᠯ ᠤᠨ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠳᠤ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ᠂ ᠲᠠᠩ ᠭᠠᠭᠴᠠ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ᠂ 400 ᠲᠦᠮᠡᠨ ᠲᠥᠭᠦᠷᠢᠭ᠂ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠱᠠᠩᠨᠠᠵᠤ ᠨᠥᠬᠦᠪᠦᠷᠢᠯᠡᠨ᠎ᠡ᠃ ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠷᠬᠡᠶᠢᠯᠡᠯ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠬᠦᠢᠰᠦ ᠴᠡᠭ ᠲᠠᠢ ᠪᠥᠭᠡᠳ ᠤᠯᠤᠰ ᠤᠨ ᠳᠡᠭᠡᠳᠦ ᠲᠠᠰ ᠤᠨ ᠬᠦᠢᠰᠦ ᠴᠡᠭ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 500 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠨᠦᠬᠦᠪᠦᠷᠢ ᠣᠯᠭᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠢᠯᠡᠳᠬᠡᠮᠵᠢ ᠶᠢᠨ ᠵᠠᠳᠠᠯᠤᠯᠲᠠ ᠬᠢᠵᠦ ᠰᠢᠨ᠎ᠡ ᠶᠢ ᠡᠭᠦᠳᠦᠨ ᠬᠡᠷᠡᠭᠯᠡᠬᠦ ᠶᠢ ᠥᠷᠨᠢᠭᠦᠯᠦᠭᠰᠡᠨ ᠠᠵᠤ ᠠᠬᠤᠶᠢᠯᠠᠯ ᠳᠤ᠂ ᠬᠡᠷᠡᠭᠯᠡᠭᠡᠨ ᠤ ᠦᠷ᠎ᠡ ᠪᠦᠲᠦᠮᠵᠢ ᠶᠢ ᠦᠨᠳᠦᠰᠦᠯᠡᠨ ᠨᠥᠬᠦᠪᠦᠷᠢ ᠣᠯᠭᠤᠵᠤ᠂  ᠳᠠᠩ ᠭᠠᠭᠴᠠ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    9. ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ ᠶᠢᠨ ᠪᠠᠷᠢᠮᠵᠢᠶ᠎ᠠ ᠶᠢ ᠲᠤᠭᠤᠰᠢᠯᠠᠭᠤᠯᠬᠤ ᠶᠢ ᠳᠡᠮᠵᠢᠨ᠎ᠡ᠃ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠳᠤ᠂ ᠤᠯᠤᠰ ᠤᠨ ︽ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠪᠠᠷ ᠪᠠᠷᠢᠮᠵᠢᠶ᠎ᠠ ᠳᠤ ᠲᠤᠭᠤᠰᠢᠯᠠᠭᠤᠯᠤᠨ ᠦᠨᠡᠯᠡᠨ ᠲᠣᠭᠲᠠᠭᠠᠭᠰᠠᠨ ᠠᠵᠤ ᠠᠬᠤᠶᠢᠯᠠᠯ ᠳᠤ 5A ᠲᠠᠰ᠂ 4A ᠲᠠᠰ᠂ 3A ᠲᠠᠰ᠂ 2A ᠲᠠᠰ᠂ A ᠲᠠᠰ ᠲᠤ ᠬᠦᠷᠦᠭᠰᠡᠨ ᠪᠠᠶᠢᠪᠠᠯ ᠲᠣᠰ ᠲᠣᠰ 300 ᠲᠦᠮᠡᠨ ᠲᠥᠭᠦᠷᠢᠭ᠂ 200 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    10. ᠠᠵᠤ ᠠᠬᠤᠶᠢᠯᠠᠯ ᠤᠨ ︽ᠡᠭᠦᠯᠡᠨ ᠪᠣᠳᠣᠯᠲᠠ ᠶᠢᠨ ᠲᠠᠪᠴᠠᠩ ᠳᠤ ᠭᠠᠷᠭᠠᠬᠤ ᠲᠤᠭ᠎ᠠ ᠪᠠᠷᠢᠮᠲᠠ ᠪᠠᠷ ᠣᠶᠤᠨ ᠤᠬᠠᠭᠠᠨ ᠣᠯᠭᠤᠬᠤ︾ ᠶᠢ ᠳᠡᠮᠵᠢᠨ᠎ᠡ᠃ ᠲᠥᠬᠦᠭᠡᠷᠦᠮᠵᠢ ᠶᠢ ᠡᠭᠦᠯᠡᠨ ᠲᠠᠪᠴᠠᠩ ᠳᠤ ᠭᠠᠷᠭᠠᠭᠰᠠᠨ ᠠᠵᠤ ᠠᠬᠤᠶᠢᠯᠠᠯ ᠳᠤ ᠪᠣᠳᠠᠲᠠᠢ ᠵᠠᠷᠤᠳᠠᠯ ᠤᠨ 20% ᠪᠠᠷ ᠨᠥᠬᠦᠪᠦᠷᠢ ᠣᠯᠭᠤᠵᠤ᠂ ᠳᠠᠩ ᠭᠠᠭᠴᠠ ᠠᠵᠤ ᠠᠬᠤᠶᠢᠯᠠᠯ ᠤᠨ ᠬᠠᠮᠤᠭ ᠤᠨ ᠥᠨᠳᠥᠷ ᠨᠥᠬᠦᠪᠦᠷᠢ ᠶᠢ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠥᠪᠡᠷᠲᠡᠭᠡᠨ ᠵᠠᠰᠠᠬᠤ ᠣᠷᠣᠨ ᠤ ᠡᠭᠦᠯᠡᠨ ᠦᠢᠯᠡᠴᠢᠯᠡᠭᠡᠨ ᠤ ᠰᠢᠯᠢᠳᠡᠭ ᠬᠤᠳᠠᠯᠳᠤᠭᠠᠴᠢᠨ ᠢᠶᠠᠷ ᠮᠡᠳᠡᠷᠡᠭᠳᠡᠭᠰᠡᠨ ᠪᠣᠯ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠡᠭᠦᠯᠡᠨ ᠳᠤ ᠭᠠᠷᠬᠤ ᠪᠠᠷᠢᠮᠵᠢᠶ᠎ᠠ ᠠᠵᠤ ᠠᠬᠤᠶᠢᠯᠠᠯ ᠳᠤ ᠡᠭᠦᠯᠡᠨ ᠳᠤ ᠭᠠᠷᠬᠤ ᠣᠷᠣᠭᠤᠯᠤᠯᠲᠠ ᠶᠢᠨ ᠪᠣᠳᠠᠲᠠᠢ ᠵᠠᠷᠤᠳᠠᠯ ᠤᠨ 20% ᠪᠠᠷ ᠨᠥᠬᠦᠪᠦᠷᠢ ᠣᠯᠭᠤᠵᠤ᠂ ᠳᠠᠩ ᠭᠠᠭᠴᠠ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    11. ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠳᠣᠬᠢᠭᠤᠷ ᠲᠤᠯᠤᠭᠠᠨ ᠣᠲᠣ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠲᠣᠮᠣ ᠳ᠋ᠠᠶᠢᠲ᠋ᠠ᠂ ᠬᠢᠮᠡᠯ ᠣᠶᠤᠨ᠂ ᠣᠷᠣᠨ ᠬᠡᠰᠡᠭ ᠤᠨ ᠬᠡᠯᠬᠢᠶᠡᠰᠦ ᠵᠡᠷᠭᠡ ᠲᠣᠭᠠᠴᠢᠯᠠᠭᠰᠠᠨ ᠮᠡᠷᠭᠡᠵᠢᠯ ᠢ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠭᠦᠢᠯᠭᠡᠭᠡ ᠵᠡᠷᠭᠡ ᠡᠯ᠎ᠡ ᠭᠤᠭᠴᠤᠭ᠎ᠠ ᠳᠤ ᠠᠭᠤᠰᠤᠯᠴᠠᠭᠤᠯᠤᠨ ᠬᠡᠷᠡᠭᠯᠡᠬᠦ ᠶᠢ ᠵᠣᠷᠢᠭᠵᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠨᠲ᠋ᠧᠷ ᠰᠦᠯᠵᠢᠶ᠎ᠡ ᠶᠢ ᠠᠰᠢᠭᠯᠠᠨ ᠣᠨᠴᠠᠯᠢᠭᠲᠤ ᠠᠵᠤ ᠦᠢᠯᠡᠰ ᠢ ᠵᠠᠯᠭᠠᠬᠤ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠡᠯᠧᠺᠲᠷᠣᠨ ᠬᠤᠳᠠᠯᠳᠤᠭ᠎ᠠ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠪᠦᠲᠦᠭᠡᠯᠴᠢ ᠲᠠᠷᠢᠶᠠᠯᠠᠩ᠂ ᠦᠵᠡᠭᠦᠯᠦᠯᠭᠡ ᠶᠢᠨ ᠲᠠᠷᠢᠶᠠᠯᠠᠩ᠂ ᠲᠡᠵᠢᠭᠡᠨ ᠠᠷᠠᠴᠢᠯᠠᠬᠤ ᠲᠠᠷᠢᠶᠠᠯᠠᠩ᠂ ᠬᠠᠮᠲᠤᠪᠠᠷ ᠭᠥᠷᠳᠡᠬᠦ ᠲᠠᠷᠢᠶᠠᠯᠠᠩ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠲᠠᠰ ᠳᠡᠪᠰᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠳᠡᠭᠡᠷ᠎ᠡ ᠳᠤᠷᠠᠳᠤᠭᠰᠠᠨ ᠬᠦᠷᠢᠶ᠎ᠡ ᠴᠠᠷᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠨᠡᠷᠡᠰ ᠲᠤ ᠵᠢᠭᠰᠠᠭᠠᠨ ᠣᠷᠣᠭᠤᠯᠬᠤ ᠪᠠᠷ ᠲᠠᠨᠢᠯᠴᠠᠭᠤᠯᠤᠭᠰᠠᠨ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠲᠤᠰᠬᠠᠢ ᠵᠦᠢᠯ ᠤᠨ ᠪᠡᠯᠡ ᠮᠥᠩᠭᠦ ᠠᠴᠠ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶    12. ᠦᠢᠯᠡᠴᠢᠯᠡᠭᠡᠨ ᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠤᠨ 5G᠂ ᠲᠣᠮᠣ ᠳ᠋ᠠᠶᠢᠲ᠋ᠠ᠂ ᠬᠢᠮᠡᠯ ᠣᠶᠤᠨ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ ᠵᠡᠷᠭᠡ ᠰᠢᠨ᠎ᠡ ᠪᠠᠷ ᠪᠣᠶ ᠪᠣᠯᠤᠭᠰᠠᠨ ᠮᠡᠷᠭᠡᠵᠢᠯ ᠢ ᠠᠰᠢᠭᠯᠠᠨ᠂ ᠰᠤᠷᠭᠠᠨ ᠬᠥᠮᠦᠵᠢᠯ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠰᠣᠶᠣᠯ ᠵᠢᠭᠤᠯᠴᠢᠯᠠᠯ᠂ ᠵᠠᠮ ᠬᠠᠷᠢᠯᠴᠠᠭᠠᠨ ᠤ ᠪᠡᠯᠡᠳᠬᠡᠮᠵᠢ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠣᠶᠣᠯ ᠤᠨ ᠪᠦᠲᠦᠭᠡᠯᠴᠢ ᠰᠡᠳᠬᠢᠮᠵᠢ᠂ ᠮᠥᠩᠭᠦᠨ ᠭᠦᠢᠯᠭᠡᠭᠡᠨ ᠤ ᠬᠡᠷᠡᠭᠯᠡᠭᠡ ᠵᠡᠷᠭᠡ ᠦᠢᠯᠡᠴᠢᠯᠡᠭᠡᠨ ᠤ ᠬᠦᠷᠢᠶᠡᠨ ᠳᠤ ᠲᠣᠭᠠᠴᠢᠯᠠᠭᠰᠠᠨ ᠠᠵᠤ ᠠᠬᠤᠢ ᠶᠢ ᠠᠭᠤᠰᠤᠯᠴᠠᠭᠤᠯᠤᠨ ᠬᠡᠷᠡᠭᠯᠡᠬᠦ ᠶᠢ ᠥᠷᠨᠢᠭᠦᠯᠵᠦ ᠂ ᠦᠢᠯᠡᠴᠢᠯᠡᠭᠡᠨ ᠤ ᠦᠢᠯᠡᠰ ᠤᠨ ᠲᠣᠭᠠᠵᠢᠭᠤᠯᠬᠤ᠂ ᠣᠶᠤᠨᠴᠢᠯᠠᠬᠤ ᠬᠥᠭᠵᠢᠯᠲᠡ ᠶᠢ ᠠᠬᠢᠭᠤᠯᠤᠨ᠂ ᠰᠢᠨ᠎ᠡ ᠠᠵᠤ ᠠᠬᠤᠢ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ᠎ᠠ᠃ ᠳᠡᠭᠡᠷ᠎ᠡ ᠳᠤᠷᠠᠳᠤᠭᠰᠠᠨ ᠬᠦᠷᠢᠶ᠎ᠡ ᠴᠠᠷᠠᠭ᠎ᠠ ᠳᠤ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠨᠡᠷᠡᠰ ᠲᠤ ᠵᠢᠭᠰᠠᠭᠠᠨ ᠣᠷᠣᠭᠤᠯᠬᠤ ᠪᠠᠷ ᠲᠠᠨᠢᠯᠴᠠᠭᠤᠯᠤᠭᠰᠠᠨ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠲᠤᠰᠬᠠᠢ ᠵᠦᠢᠯ ᠤᠨ ᠪᠡᠯᠡ ᠮᠥᠩᠭᠦ ᠠᠴᠠ ᠳᠡᠮᠵᠢᠯᠭᠡ ᠦᠵᠡᠭᠦᠯᠦᠨ᠎ᠡ ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    ᠳᠥᠷᠪᠡ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ   13. ᠲᠣᠭᠠᠴᠢᠯᠠᠭᠰᠠᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠨᠢᠭᠡ ᠤᠳᠠᠭ᠎ᠠ ᠶᠢᠨ ᠴᠢᠨᠠᠷᠲᠠᠢ ᠪᠠᠷ 200 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠᠷ ᠰᠢᠯᠢᠳᠡᠭ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ 100 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ︔ ᠤᠯᠤᠰ ᠤᠨ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠨᠢᠭᠡ ᠤᠳᠠᠭ᠎ᠠ ᠳᠤ 100 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠᠷ ᠰᠢᠯᠢᠳᠡᠭ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ 50 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠦᠨᠡᠯᠡᠯᠲᠡ ᠪᠠᠷ ᠰᠢᠯᠢᠳᠡᠭ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠢᠨᠵᠧᠨᠧᠷᠢᠩ ᠤᠨ ᠰᠤᠳᠤᠯᠭᠠᠨ ᠤ ᠲᠥᠪ ᠲᠤ ᠨᠢᠭᠡ ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠪᠠ 5 ᠲᠦᠮᠡᠨ ᠲᠥᠭᠦᠷᠢᠭ ᠤᠨ ᠳᠡᠮᠵᠢᠯᠭᠡ ᠣᠯᠭᠤᠨ᠎ᠠ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠶᠢ ᠳᠡᠮᠵᠢᠵᠦ᠂ ᠲᠢᠩᠬᠢᠮ ᠬᠤᠲᠠ ᠶᠢᠨ ᠰᠢᠨ᠎ᠡ ᠶᠢ ᠡᠭᠦᠳᠬᠦ ᠲᠠᠪᠴᠠᠩ ᠢ ᠬᠠᠮᠲᠤᠪᠠᠷ ᠪᠠᠶᠢᠭᠤᠯᠬᠤ ᠶᠢ ᠳᠡᠮᠵᠢᠨ᠎ᠡ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠭᠤᠯᠬᠤ ᠲᠠᠢ ᠭᠠᠷᠭᠠᠬᠤ ᠲᠠᠢ᠂ ᠰᠢᠯᠢᠳᠡᠭ ᠢ ᠨᠢ ᠰᠣᠩᠭᠤᠨ ᠳᠡᠮᠵᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠢᠵᠢ ᠪᠦᠷᠢᠳᠦᠭᠦᠯᠬᠦ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶   14. ᠲᠣᠭᠠᠴᠢᠯᠠᠭᠰᠠᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ 300 ᠲᠦᠮᠡᠨ ᠲᠥᠭᠦᠷᠢᠭ ᠪᠠ 100 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠨᠢᠭᠡ ᠤᠳᠠᠭ᠎ᠠ ᠶᠢᠨ ᠴᠢᠨᠠᠷᠲᠠᠢ ᠪᠠᠷ ᠳᠡᠮᠵᠢᠯᠭᠡ ᠦᠵᠡᠭᠦᠯᠵᠦ᠂ ᠤᠯᠤᠰ ᠤᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠲᠤ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠣᠯᠭᠤᠵᠤ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠮᠵᠢᠯᠲᠠ ᠪᠦᠲᠦᠮᠵᠢ ᠶᠢ ᠰᠢᠯᠢᠳᠡᠭ ᠭᠡᠵᠦ ᠦᠨᠡᠯᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠲᠤ 10 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶   15. ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠤᠨ ᠰᠢᠰᠲ᠋ᠧᠮᠵᠢ ᠶᠢ ᠪᠠᠶᠢᠭᠤᠯᠤᠨ᠎ᠠ᠃ ᠠᠮᠵᠢᠯᠲᠠ ᠪᠦᠲᠦᠮᠵᠢ ᠶᠢᠨ ᠦᠨᠡᠯᠡᠯᠲᠡ ᠪᠠᠷ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠰᠠᠭᠤᠷᠢᠨ ᠭᠠᠵᠠᠷ ᠪᠠ ᠦᠢᠯᠡᠴᠢᠯᠡᠭᠡᠨ ᠤ ᠲᠠᠪᠴᠠᠩ ᠳᠤ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ᠠᠮᠵᠢᠯᠲᠠ ᠪᠦᠲᠦᠮᠵᠢ ᠶᠢᠨ ᠦᠨᠡᠯᠡᠯᠲᠡ ᠪᠠᠷ ᠰᠢᠯᠢᠳᠡᠭ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠴᠢ ᠳᠤ ᠲᠣᠰ ᠲᠣᠰ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠠᠮᠵᠢᠯᠲᠠ ᠪᠦᠲᠦᠮᠵᠢ ᠶᠢᠨ ᠦᠨᠡᠯᠡᠯᠲᠡ ᠪᠠᠷ ᠰᠢᠯᠢᠳᠡᠭ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ᠂ ᠣᠳᠣᠨ ᠣᠷᠣᠨ ᠢᠶᠠᠷ ᠰᠢᠨ᠎ᠡ ᠶᠢ ᠡᠭᠦᠳᠬᠦ ᠣᠷᠣᠨ ᠵᠠᠢ ᠳᠤ ᠲᠣᠰ ᠲᠣᠰ ᠬᠠᠮᠤᠭ ᠥᠨᠳᠥᠷ ᠲᠡᠭᠡᠨ 10 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶   16.ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠰᠢᠨ᠎ᠡ ᠶᠢ ᠡᠭᠦᠳᠬᠦ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠵᠠᠬ᠎ᠠ ᠳᠡᠯᠭᠡᠭᠦᠷᠴᠢᠯᠡᠨ ᠬᠤᠪᠢᠷᠠᠭᠤᠯᠬᠤ ᠶᠢ ᠵᠣᠷᠢᠭᠵᠢᠭᠤᠯᠤᠨ᠎ᠠ᠃ ᠮᠠᠭᠠᠳᠯᠠᠨ ᠲᠣᠭᠲᠠᠭᠠᠵᠤ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ ᠶᠢ ᠮᠠᠨ ᠤ ᠬᠤᠲᠠ ᠳᠤ ᠬᠤᠪᠢᠷᠠᠭᠤᠯᠤᠭᠠᠳ ᠦᠷ᠎ᠡ ᠪᠦᠲᠦᠮᠵᠢ ᠣᠯᠣᠭᠰᠠᠨ ᠪᠠᠶᠢᠪᠠᠯ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠣᠭᠠᠨ ᠤ 5% ᠪᠠᠷ ᠬᠤᠳᠠᠯᠳᠤᠨ ᠠᠪᠤᠭᠴᠢ ᠳᠤ ᠱᠠᠩᠨᠠᠨ᠎ᠠ᠂ ᠬᠠᠮᠤᠭ ᠥᠨᠳᠥᠷ ᠲᠡᠭᠡᠨ 50 ᠲᠦᠮᠡᠨ ᠲᠥᠭᠦᠷᠢᠭ ᠢᠶᠠᠷ ᠱᠠᠩᠨᠠᠨ᠎ᠠ᠃ ᠮᠠᠨ ᠤ ᠬᠤᠲᠠ ᠳᠤ ᠢᠷᠡᠵᠦ ᠤᠯᠠᠷᠢᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠲᠥᠷᠥᠯ ᠵᠦᠢᠯ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠤᠨ ᠬᠤᠪᠢ ᠣᠷᠣᠭᠤᠯᠬᠤ ᠶᠢ ᠵᠣᠷᠢᠭᠵᠢᠭᠤᠯᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠳᠠᠮ ᠬᠦᠦ ᠶᠢᠨ ᠲᠥᠷᠥ ᠶᠢᠨ ᠪᠣᠳᠣᠯᠭ᠎ᠠ ᠨᠡᠶᠢᠲᠡᠯᠡᠬᠦ ᠶᠢ ᠳᠡᠮᠵᠢᠵᠦ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠬᠢᠭᠡᠳ ᠨᠡᠶᠢᠭᠡᠮ ᠤᠨ ᠬᠥᠷᠥᠩᠭᠡ ᠬᠤᠷᠰᠢᠨ ᠰᠲ᠋ᠣᠺ ᠤᠨ ᠡᠷᠬᠡ ᠶᠢᠨ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ  ᠰᠠᠭᠤᠷᠢᠰᠢᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠮᠥᠩᠭᠦᠨ ᠭᠦᠢᠯᠭᠡᠭᠡᠨ ᠤ ᠠᠯᠪᠠᠨ ᠭᠡᠷ︶   17. ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠡᠭᠦᠷᠭᠡᠯᠡᠬᠦ ᠶᠢ ᠵᠣᠷᠢᠭᠵᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠳᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠳᠡᠮᠵᠢᠯᠭᠡ ᠶᠢ ᠭᠥᠷᠳᠡᠵᠦ᠂ ᠲᠣᠰ ᠭᠠᠵᠠᠷ ᠣᠷᠣᠨ ᠳᠠᠭᠠᠨ ᠬᠡᠷᠡᠭᠵᠢᠭᠦᠯᠬᠦ ᠶᠢᠨ ᠬᠠᠮᠲᠤ ᠰᠢᠯᠭᠠᠨ ᠠᠪᠬᠤ ᠶᠢ ᠥᠩᠭᠡᠷᠡᠭᠡᠪᠡᠯ᠂ ᠲᠡᠭᠦᠨ ᠤ ᠣᠯᠣᠭᠰᠠᠨ ᠤᠯᠤᠰ  ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 200 ᠲᠦᠮᠡᠨ ᠲᠥᠭᠦᠷᠢᠭ ︵ᠪᠠᠭᠲᠠᠨ᠎ᠠ︶ ᠠᠴᠠ ᠳᠣᠷᠣᠭᠰᠢ ᠪᠠᠶᠢᠪᠠᠯ᠂ ᠨᠢᠭᠡ ᠤᠳᠠᠭ᠎ᠠ ᠳᠤ 10 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠣᠯᠭᠤᠨ᠎ᠠ ︔ ᠲᠡᠭᠦᠨ ᠤ ᠣᠯᠣᠭᠰᠠᠨ ᠤᠯᠤᠰ   ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 200 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠨᠢᠭᠡ ᠤᠳᠠᠭ᠎ᠠ ᠳᠤ 20 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶    ᠲᠠᠪᠤ᠂ ᠲᠣᠭᠠᠴᠢᠯᠠᠭᠰᠠᠨ ᠠᠵᠤ ᠠᠬᠤᠢ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ   18. ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠬᠥᠮᠥᠵᠢᠭᠦᠯᠬᠦ ᠶᠢ ᠵᠣᠷᠢᠭᠵᠢᠭᠤᠯᠤᠨ᠎ᠠ᠃ ᠬᠤᠲᠠ ᠶᠢᠨ ᠳᠣᠲᠣᠷᠠᠬᠢ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠴᠢᠯᠠᠭᠰᠠᠨ ᠠᠵᠤ ᠠᠬᠤᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠨᠡᠭᠡᠭᠡᠬᠦ ᠪᠠ ᠲᠣᠬᠢᠷᠠᠭᠤᠯᠬᠤ ᠶᠢ ᠵᠣᠷᠢᠭᠵᠢᠭᠤᠯᠵᠤ᠂ ᠨᠥᠬᠦᠴᠡᠯ ᠲᠠᠢ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ  ᠯᠤᠭ᠎ᠠ ᠬᠤᠷᠰᠢᠨ ᠲᠣᠭᠠᠴᠢᠯᠠᠭᠰᠠᠨ ᠠᠵᠤ ᠠᠬᠤᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠦᠨᠡᠯᠡᠬᠦ ᠪᠠᠷ ᠳᠡᠮᠵᠢᠨ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ 20% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ᠂ ᠠᠵᠤ ᠦᠢᠯᠡᠰ ᠤᠨ ᠰᠠᠭᠤᠷᠢᠨ ᠭᠠᠵᠠᠷ᠂ ᠲᠤᠰᠬᠠᠢ ᠪᠠᠶᠢᠭᠤᠯᠤᠮᠵᠢ ᠶᠢᠨ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠳᠠᠬᠢ ᠠᠵᠢᠯ ᠲᠥᠷᠥᠯ ᠤᠨ ᠴᠢᠨᠠᠷᠲᠠᠢ ᠤᠷᠤᠯᠳᠤᠭᠠᠨ᠂ ᠠᠵᠤ ᠦᠢᠯᠡᠰ ᠤᠨ ᠶᠡᠭᠡ ᠬᠤᠷᠠᠯ᠂ ᠠᠵᠤ ᠦᠢᠯᠡᠰ ᠤᠨ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠶᠢ ᠬᠠᠮᠲᠤᠷᠠᠨ ᠡᠷᠭᠢᠯᠡᠬᠦ ᠶᠢ ᠳᠡᠮᠵᠢᠵᠦ᠂ ᠮᠠᠭᠠᠳᠯᠠᠨ ᠲᠣᠭᠲᠠᠭᠠᠭᠰᠠᠨ ᠤ ᠳᠠᠷᠠᠭ᠎ᠠ ᠠᠵᠢᠯᠯᠠᠭ᠎ᠠ ᠶᠢᠨ ᠵᠠᠷᠤᠳᠠᠯ ᠤᠨ 30% ᠪᠠᠷ ᠨᠥᠬᠦᠪᠦᠷᠢ ᠥᠭᠴᠦ᠂ ᠲᠠᠯᠠᠪᠤᠷ ᠪᠦᠷᠢ ᠶᠢᠨ ᠠᠵᠢᠯᠯᠠᠭ᠎ᠠ ᠶᠢᠨ ᠵᠠᠷᠤᠳᠠᠯ ᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠢ︶   19. ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠶᠡᠬᠡᠪᠡᠷ ᠬᠥᠮᠥᠵᠢᠭᠦᠯᠦᠨ᠎ᠡ᠃ ᠠᠵᠤ ᠠᠬᠤᠶᠢᠯᠠᠯ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ︵ᠪᠡᠭᠡᠵᠢᠩ ᠥᠪᠥᠷ ᠮᠣᠩᠭᠤᠯ︶ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠷᠢᠶᠡᠯᠡᠩ ᠳᠤ ᠣᠷᠣᠵᠤ ᠰᠠᠭᠤᠬᠤ ᠶᠢ ᠵᠣᠷᠢᠭᠵᠢᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢᠨ ᠮᠠᠨ ᠤ ᠬᠤᠲᠠ ᠳᠤ ᠢᠷᠡᠵᠦ ᠲᠣᠭᠠᠴᠢᠯᠠᠭᠰᠠᠨ ᠠᠵᠤ ᠠᠬᠤᠢ ᠶᠢᠨ ᠲᠥᠷᠥᠯ ᠤᠨ ᠠᠵᠤ ᠠᠬᠤᠶᠢᠯᠠᠯ ᠡᠭᠦᠳᠦᠨ ᠪᠠᠶᠢᠭᠤᠯᠬᠤ ᠶᠢ ᠳᠡᠮᠵᠢᠵᠦ᠂ ᠪᠣᠳᠠᠲᠠᠢ ᠪᠠᠷ ︽ᠤᠯᠠᠭᠠᠨᠴᠠᠪ ᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠤᠯᠠᠭᠠᠨᠴᠠᠪ ᠨᠠᠮ ᠤᠨ ᠠᠯᠪᠠᠨ ᠲᠠᠷᠬᠠᠭᠠᠭᠰᠠᠨ ﹇2014﹈ 11 ᠳ᠋ᠦ᠋ᠭᠡᠷ ᠲᠣᠭᠠᠲᠤ︶ ᠪᠠ ︽ᠤᠯᠠᠭᠠᠨᠴᠠᠪ ᠤᠨ ᠴᠢᠳᠠᠪᠤᠷᠢᠲᠠᠨ ᠤ ᠠᠵᠢᠯ ᠤᠨ ︿ᠲᠥᠪ ᠢ ᠴᠢᠩᠭᠠᠷᠠᠭᠤᠯᠵᠤ ᠴᠡᠭ ᠢ ᠠᠮᠢᠳᠤᠯᠢᠭᠵᠢᠭᠤᠯᠬᠤ﹀ ᠢᠨᠵᠧᠨᠧᠷᠢᠩ ᠤᠨ ᠲᠤᠰᠬᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︵ᠤᠯᠠᠭᠠᠨᠴᠠᠪ ᠨᠠᠮ ᠴᠢᠳᠠᠪᠤᠷᠢᠲᠠᠨ ᠤ ᠳᠤᠭᠤᠶᠢᠯᠠᠩ ᠲᠠᠷᠬᠠᠭᠠᠭᠰᠠᠨ ﹇2022﹈ 7 ᠳ᠋ᠤᠭᠠᠷ ᠲᠣᠭᠠᠲᠤ︶ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶     ᠵᠢᠷᠭᠤᠭ᠎ᠠ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ    20. ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠮᠥᠩᠭᠦ ᠶᠢ ᠪᠠᠶᠢᠭᠤᠯᠤᠨ᠎ᠠ᠃ ᠠᠵᠤ ᠠᠬᠤᠶᠢᠯᠠᠯ᠂ ᠬᠤᠪᠢ ᠬᠥᠮᠥᠨ ᠵᠡᠷᠭᠡ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ ᠣᠷᠣᠭᠤᠯᠤᠨ ᠠᠪᠴᠤ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠰᠠᠭᠤᠷᠢ ᠮᠥᠩᠭᠦ ᠪᠠᠶᠢᠭᠤᠯᠬᠤ ᠳᠤ ᠣᠷᠣᠯᠴᠠᠭᠤᠯᠬᠤ ᠶᠢ ᠬᠥᠲᠥᠯᠥᠨ ᠵᠢᠯᠤᠭᠤᠳᠴᠤ᠂ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰᠵᠢᠯᠲᠡ ᠶᠢᠨ ᠬᠥᠭᠵᠢᠯᠲᠡ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ︶    21. ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠳᠤ᠂ ᠥᠪᠡᠷᠲᠡᠭᠡᠨ ᠵᠠᠰᠠᠬᠤ ᠣᠷᠣᠨ ᠤ ᠮᠠᠭᠠᠳᠯᠠᠨ ᠲᠣᠭᠲᠠᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠪᠠ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    22. ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠬᠠᠶᠠᠭᠳᠠᠮᠠᠯ ᠦᠢᠯᠡᠳᠪᠦᠷᠢ ᠶᠢᠨ ᠭᠡᠷ ᠪᠠᠶᠢᠰᠢᠩ ᠢ ᠥᠭᠡᠷᠡᠴᠢᠯᠡᠨ ᠠᠰᠢᠭᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠷᠢᠭᠵᠢᠭᠤᠯᠤᠨ᠂ ᠲᠥᠷᠥᠯ ᠵᠦᠢᠯ ᠤᠨ ᠥᠭᠡᠷᠡᠴᠢᠯᠡᠨ ᠪᠠᠶᠢᠭᠤᠯᠬᠤ ᠵᠠᠷᠤᠳᠠᠯ ᠤᠨ ᠬᠡᠰᠡᠭ ᠣᠷᠣᠭᠤᠯᠤᠯᠲᠠ ᠶᠢᠨ 1% ᠪᠠᠷ ᠨᠥᠬᠦᠪᠦᠷᠢ ᠥᠭᠴᠦ᠂ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠠᠵᠤ ᠦᠢᠯᠡᠳᠪᠦᠷᠢ ᠶᠢᠨ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠡᠷ ᠪᠠᠶᠢᠰᠢᠩ ᠵᠡᠷᠭᠡ ᠦᠯᠡᠳᠡᠭᠡᠯ ᠭᠡᠷ ᠬᠥᠷᠥᠩᠭᠡ ᠶᠢ ᠲᠦᠷᠢᠶᠡᠰᠦᠯᠡᠨ ᠬᠡᠷᠡᠭᠯᠡᠵᠦ ᠠᠵᠤ ᠠᠬᠤᠶᠢᠯᠠᠯ ᠡᠭᠦᠳᠦᠨ ᠡᠷᠭᠢᠯᠡᠬᠦ ᠶᠢ ᠵᠣᠷᠢᠭᠵᠢᠭᠤᠯᠵᠤ᠂ ᠬᠤᠲᠠ ᠶᠢᠨ ᠶᠡᠷᠦᠩᠬᠡᠢ ᠲᠥᠯᠦᠪᠵᠢᠭᠦᠯᠭᠡ ᠪᠠ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠲᠦᠷᠢᠶᠡᠰᠦᠨ ᠮᠥᠩᠭᠦ ᠶᠢ ᠭᠤᠷᠪᠠ ᠶᠢ ᠬᠡᠯᠲᠦᠷᠢᠭᠦᠯᠵᠦ ᠭᠤᠷᠪᠠ ᠶᠢ ᠬᠠᠭᠠᠰ ᠢᠶᠠᠷ ᠬᠠᠰᠤᠬᠤ ︵ᠳᠠᠷᠤᠢ ᠨᠢᠭᠡᠳᠦᠭᠡᠷ ᠵᠢᠯ ᠠᠴᠠ ᠭᠤᠷᠪᠠᠳᠤᠭᠠᠷ ᠵᠢᠯ ᠬᠦᠷᠲᠡᠯᠡᠬᠢ ᠲᠦᠷᠢᠶᠡᠰᠦᠨ ᠮᠥᠩᠭᠦ ᠶᠢ ᠪᠦᠬᠦᠨ ᠢ ᠬᠡᠯᠲᠦᠷᠢᠭᠦᠯᠬᠦ᠂ ᠳᠥᠷᠪᠡᠳᠦᠭᠡᠷ ᠵᠢᠯ ᠠᠴᠠ ᠵᠢᠷᠭᠤᠳᠤᠭᠠᠷ ᠵᠢᠯ ᠬᠦᠷᠲᠡᠯᠡᠬᠢ ᠲᠦᠷᠢᠶᠡᠰᠦᠨ ᠮᠥᠩᠭᠦ ᠶᠢ ᠬᠠᠭᠠᠰ ᠢᠶᠠᠷ ᠬᠠᠰᠤᠬᠤ︶ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠵᠦ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶    23. ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠ ᠵᠠᠬ᠎ᠠ ᠳᠡᠯᠭᠡᠭᠦᠷ ᠲᠤ ᠭᠠᠷᠬᠤ ᠠᠵᠤ ᠠᠬᠤᠶᠢᠯᠠᠯ ᠤᠨ ᠨᠡᠭᠦᠨ ᠣᠷᠣᠬᠤ ᠶᠢ ᠵᠣᠷᠢᠭᠵᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ ᠱᠠᠩᠬᠠᠢ᠂ ᠱᠧᠨᠵᠧᠨ᠂ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 600 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠵᠠᠬ᠎ᠠ ᠳᠡᠯᠭᠡᠭᠦᠷ ᠲᠤ ᠭᠠᠷᠤᠭᠰᠠᠨ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠤᠯᠠᠭᠠᠨᠴᠠᠪ ᠬᠤᠲᠠ ᠳᠤ ᠨᠡᠭᠦᠨ ᠣᠷᠣᠬᠤ ᠶᠢ ᠵᠣᠷᠢᠭᠵᠢᠭᠤᠯᠵᠤ᠂ ᠳᠠᠩᠰᠠᠯᠠᠭᠤᠯᠤᠭᠰᠠᠨ ᠭᠠᠵᠠᠷ ᠢᠶᠠᠨ ᠲᠣᠰ ᠭᠠᠵᠠᠷ ᠤᠨ ᠬᠤᠲᠠ ᠶᠢᠨ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠨᠡᠭᠦᠯᠭᠡᠨ ᠣᠷᠣᠭᠤᠯᠬᠤ ᠶᠢᠨ ᠬᠠᠮᠲᠤ ᠭᠤᠷᠪᠠᠨ ᠵᠢᠯ ᠳᠠᠷᠠᠭᠠᠯᠠᠨ ᠠᠰᠢᠭ ᠣᠯᠵᠠᠪᠤᠷᠢ ᠲᠠᠢ ᠮᠥᠷᠲᠡᠭᠡᠨ ᠬᠠᠤᠯᠢ ᠶᠣᠰᠣᠭᠠᠷ ᠲᠣᠰ ᠭᠠᠵᠠᠷ ᠲᠠᠭᠠᠨ ᠭᠠᠶᠢᠯᠢ ᠲᠤᠰᠢᠶᠠᠬᠤ ᠶᠢ ᠪᠠᠲᠤᠯᠠᠭᠰᠠᠨ ᠪᠠᠶᠢᠪᠠᠯ᠂ ᠳᠠᠩᠰᠠᠯᠠᠭᠤᠯᠤᠭᠰᠠᠨ ᠭᠠᠵᠠᠷ ᠤᠨ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠠᠴᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠦᠭᠡᠳ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠳᠥᠷᠪᠡᠳᠦᠭᠡᠷ ᠵᠢᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 300 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶    24. ᠬᠤᠲᠠ ᠳᠤ ᠰᠠᠭᠤᠭ᠎ᠠ ᠠᠵᠤ ᠠᠬᠤᠶᠢᠯᠠᠯ ᠤᠨ ᠬᠤᠭᠤᠷᠣᠨᠳᠤ ᠪᠠᠨ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢᠨ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠥᠪᠡᠷ ᠤᠨ ᠬᠡᠷᠡᠯ ᠰᠢᠷᠬᠡᠭ ᠤᠨ ᠡᠬᠢ ᠪᠠᠶᠠᠯᠢᠭ ᠢ ᠲᠦᠷᠢᠶᠡᠰᠦᠯᠡᠨ ᠬᠡᠷᠡᠭᠯᠡᠬᠦ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠤ ᠬᠡᠷᠡᠯ ᠰᠢᠷᠬᠡᠭ ᠤᠨ ᠡᠬᠢ ᠪᠠᠶᠠᠯᠢᠭ ᠢ ᠲᠦᠷᠢᠶᠡᠰᠦᠯᠡᠨ ᠬᠡᠷᠡᠭᠯᠡᠬᠦ ᠠᠵᠤ ᠠᠬᠤᠶᠢᠯᠠᠯ ᠳᠤ ᠲᠤᠬᠠᠢ ᠶᠢᠨ ᠭᠠᠵᠠᠷ ᠤᠨ ᠲᠤᠭ᠎ᠠ ᠪᠠᠷᠢᠮᠲᠠ ᠶᠢᠨ ᠲᠥᠪ ᠤᠨ ᠠᠵᠤ ᠠᠬᠤᠶᠢᠯᠠᠯ ᠬᠢᠭᠡᠳ ᠮᠠᠨ ᠤ ᠬᠤᠲᠠ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠰᠢᠯᠭᠠᠨ ᠲᠣᠭᠲᠠᠭᠠᠬᠤ᠂ ᠠᠵᠢᠯᠯᠠᠭᠤᠯᠵᠤ ᠪᠠᠲᠤᠯᠠᠬᠤ ᠵᠡᠷᠭᠡ ᠬᠠᠮᠲᠤᠷᠠᠯᠴᠠᠭ᠎ᠠ ᠪᠠᠶᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ︶    25. ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠳᠠᠬᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠰᠲᠠᠢ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠳᠤ᠂ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠬᠠᠮᠤᠭ ᠤᠨ ᠥᠨᠳᠥᠷ ᠲᠡᠭᠡᠨ ᠭᠤᠶᠤᠴᠢᠯᠠᠵᠤ ᠪᠣᠯᠬᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 15 ᠲᠦᠮᠡᠨ ᠲᠥᠭᠦᠷᠢᠭ ᠪᠠᠶᠢᠭᠰᠠᠨ ᠠᠴᠠ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠨᠥᠬᠦᠴᠡᠯ ᠳᠤ ᠨᠡᠶᠢᠴᠡᠬᠦ ᠬᠤᠪᠢ ᠬᠥᠮᠥᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠵᠣᠭᠤᠰ ᠵᠢᠭᠡᠯᠡᠭᠴᠢ ᠳᠤ ᠬᠤᠷᠰᠢᠨ ᠠᠳᠠᠯ ᠦᠢᠯᠡᠰ ᠴᠣᠭᠴᠠᠯᠠᠭᠰᠠᠨ ᠪᠠᠶᠢᠪᠠᠯ᠂ ᠬᠤᠷᠰᠢᠨ ᠠᠳᠠᠯ ᠦᠢᠯᠡᠰ ᠴᠣᠭᠴᠠᠯᠠᠬᠤ ᠬᠥᠮᠥᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠣᠨ᠎ᠠ᠂ ᠬᠠᠮᠤᠭ ᠤᠨ ᠥᠨᠳᠥᠷ ᠲᠡᠭᠡᠨ ᠬᠤᠪᠢ ᠬᠥᠮᠥᠨ ᠤ ᠵᠢᠭᠡᠯᠡᠯᠭᠡ ᠶᠢᠨ ᠶᠡᠷᠦᠩᠬᠡᠢ ᠲᠣᠭᠠᠨ ᠤ 10% ᠠᠴᠠ ᠬᠡᠲᠦᠷᠡᠬᠦ ᠦᠭᠡᠢ ᠪᠠᠶᠢᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ︶    ᠳᠡᠭᠡᠷ᠎ᠡ ᠳᠤᠷᠠᠳᠤᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠪᠡ ᠤᠳᠤ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠯᠤᠭ᠎ᠠ ᠰᠣᠯᠪᠢᠴᠠᠭᠤᠯᠬᠤ ᠳᠤ ᠬᠥᠷᠪᠡᠯ᠂ ᠠᠵᠤ ᠠᠬᠤᠶᠢᠯᠠᠯ ᠡᠵᠡᠨ ᠮᠡᠳᠡᠵᠤ ᠰᠣᠩᠭᠤᠬᠤ᠂ ᠳᠠᠪᠬᠤᠷᠳᠠᠭᠤᠯᠤᠨ ᠬᠥᠷᠳᠡᠬᠦ ᠦᠭᠡᠢ ᠪᠠᠶᠢᠬᠤ ᠵᠠᠷᠴᠢᠮ ᠤᠨ ᠶᠣᠰᠣᠭᠠᠷ ᠬᠡᠷᠡᠭᠵᠢᠭᠦᠯᠦᠨ᠎ᠡ᠃ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠤᠯᠠᠭᠠᠨᠴᠠᠪ ᠤᠨ ᠰᠠᠯᠪᠤᠷᠢ ᠠᠩᠭᠢ᠃     ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃     ᠠᠷᠠᠳ ᠤᠨ ᠪᠦᠯᠬᠦᠮ ᠤᠳ᠂ ᠰᠣᠨᠢᠨ ᠮᠡᠳᠡᠭᠡᠯᠡᠯ ᠤᠨ ᠨᠢᠭᠡᠴᠢ ᠨᠦᠭᠦᠳ᠃                         ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                         2023 ᠣᠨ ᠤ 7 ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2