2023 ᠣᠨ ᠤ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠬᠥᠳᠡᠯᠭᠡᠭᠡᠨ ᠤ ᠤᠯᠠᠷᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/19
  10 ᠰᠠᠷ᠎ᠠ ᠶᠢᠨ 16 ᠤ ᠡᠳᠦᠷ᠂ ᠬᠤᠲᠠ ᠶᠢᠨ ᠵᠠᠰᠠᠭ ᠤᠨ ᠣᠷᠳᠣᠨ ᠠᠴᠠ ᠵᠢᠯᠤᠭᠤᠳᠴᠤ᠂ ᠬᠤᠳᠠ ᠶᠢᠨ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ 2023 ᠣᠨ ᠤ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠬᠥᠳᠡᠯᠭᠡᠭᠡᠨ ᠤ ᠤᠯᠠᠷᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠬᠤᠳᠠ ᠶᠢᠨ ᠹᠠᠩᠱᠠᠨ ᠲᠣᠭᠤᠷᠢᠭ ᠲᠤ ᠶᠠᠪᠤᠭᠳᠠᠵᠤ᠂ ᠤᠯᠠᠭᠠᠨᠴᠠᠪ ᠤᠨ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ + ᠵᠤᠭᠠᠴᠠᠯ︾ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠮᠥᠰᠥ ᠴᠠᠰᠤᠨ ᠤ ᠠᠵᠢᠯᠯᠠᠭ᠎ᠠ ᠪᠠᠷ ᠬᠤᠳᠠ ᠶᠢᠨ ᠠᠵᠤ ᠠᠬᠤᠢ ᠶᠢᠨ ᠬᠡᠷᠡᠭᠯᠡᠭᠡ ᠶᠢ ᠲᠠᠶᠢᠴᠢᠯᠠᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠠᠭᠠᠨᠴᠠᠪ ᠤᠨ ᠥᠪᠡᠷᠮᠢᠴᠡ ᠴᠠᠰᠤᠲᠤ ᠲᠠᠯ᠎ᠠ ᠶᠢᠨ ᠵᠠᠩ ᠦᠢᠯᠡ ᠶᠢ ᠳᠡᠯᠭᠡᠨ ᠦᠵᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ ᠡᠭᠦᠨ ᠤ ᠵᠡᠷᠭᠡ ᠳᠤ᠂ ᠪᠥᠬᠦ ᠤᠯᠤᠰ ᠲᠤ ᠬᠠᠨᠳᠤᠭᠤᠯᠤᠨ ᠵᠠᠬ᠎ᠠ ᠳᠡᠯᠭᠡᠭᠦᠷ ᠢ ᠨᠡᠭᠡᠭᠡᠵᠦ᠂ ᠬᠢᠯᠢ ᠠᠯᠤᠰᠯᠠᠭᠰᠠᠨ ᠨᠠᠷᠠᠲᠤ ᠲᠡᠮᠳᠡᠭ᠂ ᠮᠥᠰᠥ ᠴᠠᠰᠤᠨ ᠤ ᠨᠠᠷᠠᠲᠤ ᠲᠡᠮᠳᠡᠭ ᠲᠠᠢ ᠨᠡᠷ᠎ᠡ ᠬᠤᠯᠪᠣᠨ᠂ ᠨᠠᠢᠮᠠᠨ ᠵᠣᠪᠬᠢᠰ ᠠᠴᠠ ᠢᠷᠡᠭᠰᠡᠨ ᠵᠣᠴᠢᠳ ᠢ ᠤᠭᠲᠤᠵᠤ᠂ ᠤᠯᠠᠭᠠᠨᠴᠠᠪ ᠲᠤ ᠯᠠ ᠪᠠᠶᠢᠳᠠᠭ ᠦᠨᠳᠦᠰᠦᠲᠡᠨ ᠤ ᠮᠥᠰᠥ ᠴᠠᠰᠤᠨ ᠤ ᠠᠵᠢᠯᠯᠠᠭᠠᠨ ᠤ ᠨᠠᠷᠠᠲᠤ ᠲᠡᠮᠳᠡᠭ ᠢ ᠪᠣᠶ ᠪᠣᠯᠭᠠᠨ᠎ᠠ᠃   ᠬᠤᠲᠠ ᠶᠢᠨ ᠳᠡᠳ᠋ ᠳᠠᠷᠤᠭ᠎ᠠ ᠹᠠᠩ ᠽᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃   ᠤᠯᠠᠭᠠᠨᠴᠠᠪ ᠪᠣᠯᠣᠨ ᠪᠡᠭᠡᠵᠢᠩ ᠨᠢ ᠭᠠᠵᠠᠷ ᠵᠦᠢ ᠶᠢᠨ ᠪᠠᠶᠢᠷᠢᠰᠢᠯ ᠣᠶᠢᠷᠠᠯᠴᠠᠭ᠎ᠠ᠂ 90 ᠮᠢᠨᠦ᠋ᠲ ᠤᠨ ᠲᠦᠷᠭᠡᠨ ᠤ ᠲᠡᠮᠦᠷ ᠵᠠᠮ ᠵᠢᠴᠢ 3 ᠴᠠᠭ ᠤᠨ ᠲᠡᠷᠭᠡ ᠵᠢᠯᠣᠭᠤᠳᠪᠠᠯ ᠬᠦᠷᠴᠢᠬᠡᠨ᠎ᠡ᠂ ᠳᠡᠭᠡᠬᠦ ᠳᠤ ᠪᠠᠨ ᠤᠯᠠᠭᠠᠨᠴᠠᠪ  ᠨᠢ ᠨᠢᠭᠡᠨᠲᠡ ᠨᠡᠷ᠎ᠡ ᠨᠢᠳᠡᠷ ᠲᠡᠭᠡᠨ ᠨᠡᠶᠢᠴᠡᠭᠰᠡᠨ ︽ᠨᠡᠶᠢᠰᠯᠡᠯ ᠤᠨ ᠠᠷᠤ ᠲᠠᠯ᠎ᠠ ᠶᠢᠨ ᠴᠡᠴᠡᠷᠯᠢᠭ᠂ ᠰᠡᠯᠡᠭᠦᠴᠡᠯ ᠰᠤᠪᠢᠯᠠᠯᠲᠠ ᠶᠢᠨ ᠭᠠᠵᠠᠷ︾ ᠪᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠤᠯᠠᠭᠠᠨᠴᠠᠪ ᠬᠤᠲᠠ ᠶᠢᠨ ᠬᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ᠂ ᠴᠠᠰᠤ ᠮᠥᠰᠥᠲᠦ ᠭᠠᠵᠠᠷ ᠴᠤ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠪᠡᠭᠡᠵᠢᠩ ᠴᠢᠭᠤᠯᠤᠯᠲᠤ ᠬᠠᠭᠠᠯᠭ᠎ᠠ ᠶᠢᠨ ᠪᠡᠶ᠎ᠡ ᠶᠢᠨ ᠲᠠᠮᠢᠷ ᠤᠨ ᠰᠣᠶᠣᠯ ᠤᠨ ᠵᠢᠭᠤᠯᠴᠢᠯᠠᠯ ᠤᠨ ᠪᠦᠰᠡ ᠳᠤ ᠢᠳᠡᠪᠬᠢᠲᠡᠢ ᠪᠠᠷ ᠠᠭᠤᠰᠤᠯᠴᠠᠵᠤ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠮᠥᠰᠥ ᠴᠠᠰᠤᠨ ᠤ ᠠᠵᠤ ᠠᠬᠤᠢ ᠶᠢ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠪᠣᠯᠭᠠᠵᠤ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠲᠣᠰ ᠤᠳᠠᠭᠠᠨ ᠤ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠶᠢᠨ ᠬᠥᠳᠡᠯᠭᠡᠭᠡᠨ ᠤ ᠤᠯᠠᠷᠢᠯ ᠳᠤ᠂ 30 ᠭᠠᠷᠤᠢ ᠵᠦᠢᠯ ᠤᠨ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠵᠦ᠂ ᠣᠯᠠᠨ ᠵᠦᠢᠯ ᠤᠨ ᠠᠳᠠᠯᠢ ᠪᠤᠰᠤ ᠭᠤᠣᠯ ᠰᠡᠳᠦᠪᠲᠦ ᠰᠣᠳᠣᠨ ᠵᠠᠮ ᠱᠤᠭᠤᠮ ᠢ ᠭᠠᠷᠭᠠᠵᠤ᠂ ᠨᠠᠩ ᠣᠯᠠᠨ ᠵᠤᠭᠠᠴᠠᠭᠰᠠᠳ ᠲᠤ ᠤᠯᠠᠭᠠᠨᠴᠠᠪ ᠤᠨ ᠪᠠᠶᠠᠯᠢᠭ ᠰᠠᠶᠢᠬᠠᠨ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠶᠢ ᠭᠦᠨᠵᠡᠭᠡᠢ ᠣᠶᠢᠯᠠᠭᠠᠭᠤᠯᠦᠨ᠎ᠡ᠃   ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠠᠨᠢᠯᠴᠠᠭᠤᠯᠤᠭᠴᠢ ᠮᠠᠨ ᠤ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠬᠦᠯᠢ ᠴᠣᠭᠴᠠ ᠶᠢᠨ ᠪᠠᠶᠢᠳᠠᠯ ᠢ ᠨᠠᠷᠢᠨ ᠲᠠᠨᠢᠯᠴᠠᠭᠤᠯᠵᠤ᠂ ᠤᠯᠠᠭᠠᠨᠴᠠᠪ ᠤᠨ ᠮᠥᠰᠥ ᠴᠠᠰᠤᠨ ᠤ ᠰᠣᠶᠣᠯ ᠤᠨ ᠭᠡᠷ ᠪᠦᠯᠢ ᠶᠢᠨ ᠵᠢᠭᠤᠯᠴᠢᠯᠠᠯ᠂ ᠤᠯᠠᠭᠠᠨᠴᠠᠪ ᠤᠨ ᠮᠥᠰᠥ ᠴᠠᠰᠤᠨ ᠤ ᠥᠪᠡᠷ ᠢᠶᠠᠨ ᠲᠡᠷᠭᠡ ᠵᠢᠯᠤᠭᠤᠳᠬᠤ  ᠵᠢᠭᠤᠯᠴᠢᠯᠠᠯ᠂ ᠤᠯᠠᠭᠠᠨᠴᠠᠪ ᠤᠨ ᠣᠷᠭᠢᠯᠤᠮ᠎ᠠ ᠬᠠᠯᠠᠭᠤᠨ ᠰᠡᠳᠬᠢᠯᠭᠡ ᠪᠦᠬᠦᠢ ᠮᠥᠰᠥ ᠴᠠᠰᠤᠨ ᠤ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠭᠤᠯᠴᠢᠯᠠᠯ᠂ ᠤᠯᠠᠭᠠᠨᠴᠠᠪ ᠤᠨ ᠬᠤᠪᠢᠰᠬᠠᠯ ᠤᠨ ᠰᠤᠳᠤᠯᠤᠯ ᠤᠨ ᠲᠤᠷᠰᠢᠯᠭ᠎ᠠ ᠶᠢᠨ ᠵᠢᠭᠤᠯᠴᠢᠯᠠᠯ ᠵᠡᠷᠭᠡ ᠳᠥᠷᠪᠡᠨ ᠮᠥᠰᠥ ᠴᠠᠰᠤᠨ ᠤ ᠭᠤᠣᠯ ᠰᠡᠳᠦᠪᠲᠦ ᠵᠠᠮ ᠱᠤᠭᠤᠮ ᠢ ᠭᠤᠣᠯᠳᠠᠯᠭ᠎ᠠ ᠲᠠᠢ ᠲᠠᠨᠢᠯᠴᠠᠭᠤᠯᠪᠠ᠃ ᠵᠢᠨᠢᠩ ᠲᠣᠭᠤᠷᠢᠭ ᠤᠨ ᠰᠣᠶᠣᠯ ᠵᠤᠭᠠᠴᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠠᠨᠢᠯᠴᠠᠭᠤᠯᠤᠭᠴᠢ ᠠᠴᠠ ᠲᠠᠯ᠎ᠠ ᠨᠤᠲᠤᠭ ᠤᠨ ᠰᠡᠯᠡᠭᠦᠴᠡᠯ ᠵᠤᠭᠠᠴᠠᠯ᠂ ᠮᠥᠰᠥ ᠴᠠᠰᠤᠨ ᠤ ᠪᠡᠶᠡᠴᠢᠯᠡᠨ ᠣᠶᠢᠯᠠᠭᠠᠬᠤ ᠵᠤᠭᠠᠴᠠᠯ ᠵᠡᠷᠭᠡ ᠵᠢᠷᠭᠤᠭᠠᠨ  ᠵᠤᠭᠠᠴᠠᠯ ᠤᠨ ᠱᠤᠭᠤᠮ ᠢ ᠤᠯᠠᠨ ᠳᠤ ᠲᠠᠨᠢᠯᠴᠠᠭᠤᠯᠵᠠᠢ᠃ ᠯᠢᠶᠡᠩᠴᠧᠩ ᠰᠢᠶᠠᠨ ᠤ ᠰᠣᠶᠣᠯ ᠵᠤᠭᠠᠴᠠᠯ ᠤᠨ ᠲᠣᠪᠴᠢᠶ᠎ᠠ ᠶᠢᠨ ᠲᠠᠨᠢᠯᠴᠠᠭᠤᠯᠤᠭᠴᠢ ᠠᠴᠠ ᠯᠢᠶᠡᠩᠴᠧᠩ ᠰᠢᠶᠠᠨ ᠤ ᠵᠤᠭᠠᠴᠠᠯ ᠤᠨ ᠶᠡᠷᠦᠩᠬᠡᠢ ᠪᠠᠶᠢᠳᠠᠯ ᠢ ᠤᠯᠠᠨ ᠳᠤ ᠲᠠᠨᠢᠯᠴᠠᠭᠤᠯᠵᠤ᠂ ᠯᠢᠶᠡᠩᠴᠧᠩ ᠰᠢᠶᠠᠨ ᠤ ᠡᠪᠦᠯ ᠤᠨ ᠤᠯᠠᠷᠢᠯ ᠤᠨ ᠵᠤᠭᠠᠴᠠᠯ ᠤᠨ ᠡᠬᠢ ᠪᠠᠶᠠᠯᠢᠭ ᠪᠣᠯᠣᠨ ᠯᠢᠶᠡᠩᠴᠧᠩ ᠰᠢᠶᠠᠨ ᠤ ᠴᠠᠰᠤᠨ ᠳᠤ ᠭᠤᠯᠭᠤᠬᠤ ᠲᠠᠯᠠᠪᠠᠢ ᠪᠣᠯᠣᠨ ᠬᠠᠯᠠᠭᠤᠨ ᠷᠠᠰᠢᠶᠠᠨ ᠤ ᠦᠨᠳᠦᠰᠦᠨ ᠪᠠᠶᠢᠳᠠᠯ ᠢ ᠬᠤᠪᠢᠶᠠᠯᠴᠠᠪᠠ᠃   ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠳᠤᠮᠳᠠᠳᠤ ᠤᠯᠤᠰ ᠤᠨ ᠠᠩᠬᠠᠳᠠᠭᠴᠢ ᠳᠡᠯᠡᠬᠡᠢ ᠶᠢᠨ ᠴᠠᠰᠤᠨ ᠳᠤ ᠭᠤᠯᠭᠤᠬᠤ ᠮᠠᠩᠯᠠᠢ ᠶᠢ ᠣᠨᠴᠠᠭᠠᠶᠢᠯᠠᠨ ᠤᠷᠢᠵᠤ᠂ 2022 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠤ ᠭᠠᠯ ᠪᠠᠮᠪᠠᠷᠴᠢᠨ ᠭᠦᠸᠧ ᠳ᠋ᠠᠨ ᠳ᠋ᠠᠨ ᠢ ᠲᠤᠰ ᠤᠳᠠᠭ᠎ᠠ ᠶᠢᠨ ᠠᠵᠢᠯᠯᠠᠭ᠎ᠠ ᠳᠤ ᠬᠦᠴᠦᠨ ᠨᠡᠮᠡᠷᠢᠯᠡᠵᠦ᠂ ᠤᠯᠠᠨ ᠢ ᠤᠷᠢᠵᠤ ᠤᠯᠠᠭᠠᠨᠴᠠᠪ ᠤᠨ ᠮᠥᠰᠥ ᠴᠠᠰᠤᠨ ᠤ ᠠᠮᠢᠵᠢᠷᠠᠯ ᠤᠨ ᠬᠦᠴᠦᠨ ᠢ ᠮᠡᠳᠡᠷᠡᠭᠦᠯᠵᠦ᠂ ᠴᠠᠰᠤᠨ ᠤ ᠤᠯᠠᠷᠢᠯ ᠳᠤ ᠬᠠᠷᠢᠶᠠᠯᠠᠭᠳᠠᠬᠤ ᠪᠠᠶᠠᠷ ᠪᠠᠭ᠋ᠠᠳᠤᠯ ᠪᠠ ᠬᠠᠯᠠᠭᠤᠨ ᠰᠡᠳᠬᠢᠯᠭᠡ ᠶᠢ ᠬᠠᠮᠲᠤᠪᠠᠷ ᠡᠳ᠋ᠯᠡᠭᠦᠯᠬᠦ ᠪᠠᠷ ᠪᠣᠯᠪᠠ᠃ ᠤᠯᠠᠭᠠᠨᠴᠠᠪ ᠤᠨ ︽ᠮᠥᠰᠥ ᠴᠠᠰᠤᠨ ᠤ ᠬᠠᠶᠢᠷ᠎ᠠ︾ ᠶᠢᠨ ᠬᠥᠳᠡᠯᠭᠡᠭᠡᠨ ᠤ ᠤᠯᠠᠷᠢᠯ ᠤᠨ ᠠᠵᠢᠯᠯᠠᠭ᠎ᠠ ᠶᠢ ᠨᠡᠶᠢᠲᠡᠯᠡᠬᠦ ᠶᠠᠪᠤᠴᠠ ᠳᠤ᠂ ᠳ᠋ᠠ ᠾᠧ ᠸᠠᠨ ᠤ ᠴᠠᠰᠤᠨ ᠳᠤ ᠭᠤᠯᠭᠤᠬᠤ ᠲᠠᠯᠠᠪᠠᠶ ᠳᠤ ᠡᠷᠭᠢᠯᠡᠭᠰᠡᠨ 12 ᠵᠦᠢᠯ ᠤᠨ ᠭᠤᠣᠯ ᠰᠡᠳᠦᠪᠲᠦ ᠠᠵᠢᠯᠯᠠᠭ᠎ᠠ᠂ ᠴᠠ ᠬᠠᠨ ᠶᠢᠩ ᠴᠠᠰᠤᠨ ᠳᠤ ᠭᠤᠯᠭᠤᠬᠤ ᠲᠠᠯᠠᠪᠠᠶ ᠳᠤ ᠡᠷᠭᠢᠯᠡᠭᠰᠡᠨ 7 ᠵᠦᠢᠯ ᠤᠨ ᠭᠤᠣᠯ ᠰᠡᠳᠦᠪᠲᠦ ᠠᠵᠢᠯᠯᠠᠭ᠎ᠠ᠂ ᠡᠯ᠎ᠡ ᠴᠠᠰᠤᠨ ᠳᠤ ᠭᠤᠯᠭᠤᠬᠤ ᠲᠠᠯᠠᠪᠠᠶ ᠳᠤ ᠡᠷᠭᠢᠯᠡᠭᠰᠡᠨ 2 ᠵᠦᠢᠯ ᠤᠨ ᠭᠤᠣᠯ ᠰᠡᠳᠦᠪᠲᠦ ᠠᠵᠢᠯᠯᠠᠭ᠎ᠠ ᠵᠡᠷᠭᠡ ᠶᠢ ᠨᠡᠶᠢᠲᠡᠯᠡᠪᠡ᠃   ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠬᠤᠭᠤᠴᠠᠭᠠᠨ ᠳᠤ᠂ ᠿᠢ ᠭᠤᠸᠠᠩ ᠰᠢᠤᠸᠠᠢ ᠶᠤᠸᠠᠨ ᠳ᠋ᠠ ᠾᠧ ᠸᠠᠨ ᠣᠯᠠᠨ ᠤᠯᠤᠰ ᠤᠨ ᠴᠠᠰᠤᠨ ᠳᠤ ᠭᠤᠯᠭᠤᠬᠤ ᠠᠮᠠᠷᠠᠯᠲᠠ ᠶᠢᠨ ᠣᠷᠣᠨ ᠪᠣᠯᠣᠨ ᠰᠢᠶᠧ ᠴᠧᠩ ᠪᠦᠯᠦᠭᠯᠡᠯ᠂ ᠮᠸᠢ ᠲᠤᠸᠠᠨ ᠪᠦᠯᠦᠭᠯᠡᠯ᠂ ᠵᠢᠶᠠ ᠲᠸᠦ ᠪᠦᠯᠦᠭᠯᠡᠯ᠂ ᠯᠢᠶᠠᠨ ᠯᠢᠶᠠᠨ ᠡᠷᠭᠢᠨ ᠲᠣᠭᠤᠷᠢᠨ ᠤ ᠵᠤᠭᠠᠴᠠᠯ᠂ ᠸᠧᠢ ᠯᠠᠢ ᠰᠢᠩ ᠴᠢᠦ ᠪᠦᠯᠦᠭᠯᠡᠯ ᠲᠠᠢ ᠬᠤᠯᠪᠤᠭᠠᠯᠠᠨ ᠡᠵᠡᠩᠨᠡᠯᠲᠡ ᠪᠣᠷᠣᠯᠠᠭᠤᠯᠤᠯᠲᠠ ᠶᠢᠨ ᠬᠠᠮᠲᠤᠷᠠᠯᠴᠠᠭ᠎ᠠ ᠬᠢᠬᠦ ᠭᠡᠷ᠎ᠡ ᠲᠣᠭᠲᠠᠪᠠ᠃ ᠹᠧᠩ ᠴᠤᠤ ᠪᠦᠯᠦᠭᠯᠡᠯ᠂ ᠠᠮᠲᠠᠲᠤ ᠢᠳᠡᠭᠡᠨ ᠤ ᠵᠠᠬ᠎ᠠ ᠳᠡᠯᠭᠡᠭᠦᠷ᠂ ᠢᠲᠡᠭᠡᠯᠲᠦ ᠵᠢᠭᠤᠯᠴᠢᠯᠠᠯ ᠤᠨ ᠭᠡᠷᠳᠦ ᠲᠡᠷᠭᠡ᠂ ᠬᠤᠲᠠ ᠶᠢᠨ ᠬᠤᠸᠠᠷᠠᠨ᠂ ᠬᠠᠴᠢᠨ ᠭᠠᠶᠢᠬᠠᠯᠲᠠᠢ ᠣᠶ ᠰᠢᠭᠤᠢ ᠪᠦᠯᠦᠭᠯᠡᠯ ᠯᠦᠭᠡ ᠨᠠᠷᠠᠲᠤ ᠲᠡᠮᠳᠡᠭᠲᠦ ᠶᠢᠨ ᠬᠠᠮᠲᠤᠷᠠᠯᠴᠠᠭ᠎ᠠ ᠶᠢᠨ ᠭᠡᠷ᠎ᠡ ᠲᠣᠭᠲᠠᠵᠤ᠂ ᠮᠠᠨ ᠤ ᠬᠤᠲᠠ ᠶᠢᠨ ᠮᠥᠰᠥ ᠴᠠᠰᠤᠨ ᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠵᠤ᠂ ᠤᠯᠠᠭᠠᠨᠴᠠᠪ ᠤᠨ ᠮᠥᠰᠥ ᠴᠠᠰᠤᠨ ᠤ ᠦᠢᠯᠡᠰ ᠲᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠪᠡ᠃   ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠠᠷᠠᠭ᠎ᠠ᠂ ᠪᠡᠭᠡᠵᠢᠩ ᠲᠢᠶᠠᠨᠵᠢᠨ ᠾᠧᠪᠧᠢ ᠵᠡᠷᠭᠡ ᠪᠥᠬᠦ ᠤᠯᠤᠰ ᠤᠨ ᠭᠤᠣᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ ᠭᠠᠵᠠᠷ ᠤᠨ ᠵᠢᠭᠤᠯᠴᠢᠯᠠᠯ ᠤᠨ ᠭᠠᠵᠠᠷ᠂ ᠠᠵᠢᠯᠯᠠᠭᠠᠨ ᠤ ᠬᠠᠮᠲᠤᠷᠠᠯᠴᠠᠭᠠᠨ ᠤ ᠬᠤᠳᠠᠯᠳᠤᠭᠠᠴᠢᠨ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠪᠠᠰᠠ ᠬᠤᠳᠠᠯᠳᠤᠭᠠᠨ ᠤ ᠬᠠᠨᠢᠲᠠᠨ ᠤ ᠵᠥᠪᠳᠡᠯᠴᠡᠭᠡᠨ ᠤ ᠲᠣᠭᠤᠷᠢᠭ᠂ ᠬᠠᠮᠲᠤᠷᠠᠯᠴᠠᠭᠠᠨ ᠤ ᠵᠥᠪᠳᠡᠯᠴᠡᠭᠡᠨ ᠤ ᠲᠣᠭᠤᠷᠢᠭ᠂ ᠪᠡᠭᠡᠵᠢᠩ ᠥᠪᠥᠷ ᠮᠣᠩᠭᠤᠯ ᠤᠨ ᠰᠣᠯᠢᠯᠴᠠᠭᠠᠨ ᠤ ᠲᠣᠭᠤᠷᠢᠭ ᠲᠤ ᠬᠦᠷᠴᠦ ᠮᠠᠨ ᠤ ᠬᠤᠲᠠ ᠲᠠᠢ ᠲᠤᠰᠬᠠᠢ ᠲᠥᠷᠥᠯ ᠤᠨ ᠬᠤᠳᠠᠯᠳᠤᠭᠠᠨ ᠤ ᠶᠠᠪᠤᠳᠠᠯ ᠤᠨ ᠬᠡᠯᠡᠯᠴᠡᠭᠡ ᠬᠢᠵᠦ᠂ ᠨᠠᠩ ᠣᠯᠠᠨ ᠬᠠᠮᠲᠤᠷᠠᠯᠴᠠᠭᠠᠨ ᠤ ᠠᠵᠠ ᠲᠣᠬᠢᠶᠠᠯ ᠢ ᠰᠤᠳᠤᠯᠤᠨ ᠶᠠᠷᠢᠯᠴᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2