ᠬᠤᠸᠠᠳᠧ ᠰᠢᠶᠠᠨ ᠤ ᠵᠠᠰᠠᠭ ᠤᠨ ᠣᠷᠳᠣᠨ 12345 ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/19
    10 ᠰᠠᠷ᠎ᠠ ᠶᠢᠨ 16 ᠤ ᠡᠳᠦᠷ᠂ ᠬᠤᠸᠠᠳᠧ ᠰᠢᠶᠠᠨ ᠤ ᠵᠠᠰᠠᠭ ᠤᠨ ᠣᠷᠳᠣᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃     ᠬᠤᠷᠠᠯ ᠠᠴᠠ ᠤᠯᠠᠭᠠᠨᠴᠠᠪ ᠬᠤᠲᠠ ᠶᠢᠨ ︽ᠪᠥᠬᠦ ᠬᠤᠲᠠ ᠶᠢᠨ 12345 ᠬᠠᠯᠠᠮᠰᠢᠯ ᠤᠲᠠᠰᠤᠨ ᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠬᠤ︾ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠰᠢᠶᠠᠨ ᠤ 12345 ᠬᠠᠯᠠᠮᠰᠢᠯ ᠤᠲᠠᠰᠤᠨ ᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠤᠨ ᠲᠤᠬᠠᠢ ᠮᠡᠳᠡᠭᠡᠯᠡᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠳᠤ ᠲᠠᠶᠢᠯᠤᠮᠵᠢ ᠬᠢᠪᠡ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢᠨ ᠬᠢᠨ ᠡᠷᠬᠡᠪᠰᠢ ᠬᠠᠯᠠᠭᠤᠨ ᠤᠲᠠᠰᠤᠨ ᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠰᠤᠷᠤᠯᠴᠠᠯᠭ᠎ᠠ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠠᠵᠢᠯ ᠤᠨ ᠰᠢᠨ᠎ᠡ ᠶᠢ ᠡᠭᠦᠳᠬᠦ  ᠶᠢ ᠲᠡᠷᠢᠭᠦᠨ ᠳᠤ ᠲᠠᠯᠪᠢᠬᠤ᠂ ᠤᠬᠠᠭᠤᠯᠤᠨ ᠬᠥᠲᠥᠯᠥᠨ ᠵᠢᠯᠤᠭᠤᠳᠬᠤ ᠦᠢᠯᠡᠳᠦᠯ᠂ ᠬᠢᠨᠠᠨ ᠵᠢᠯᠤᠭᠤᠳᠴᠤ ᠬᠢᠨᠠᠨ ᠰᠢᠯᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠢᠭᠤᠴᠠᠯᠭ᠎ᠠ ᠪᠠᠨ ᠡᠭᠦᠷᠭᠡᠯᠡᠨ᠂ ᠠᠵᠢᠯ ᠢᠶᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠲᠤᠰᠬᠠᠭᠰᠠᠨ ᠤᠴᠢᠷ ᠶᠠᠪᠤᠳᠠᠯ ᠢ ᠴᠠᠭ ᠲᠤᠬᠠᠢ ᠳᠤᠨᠢ ᠳᠠᠭᠠᠵᠤ᠂ ᠴᠠᠭ ᠲᠤᠬᠠᠢ ᠳᠤᠨᠢ ᠰᠢᠢᠳᠪᠦᠷᠢᠯᠡᠵᠦ᠂ ᠦᠷ᠎ᠡ ᠳ᠋ᠦᠩ ᠳᠤ ᠬᠠᠨᠤᠮᠵᠢᠲᠠᠶ ᠪᠠᠶᠢᠬᠤ ᠶᠢ ᠦᠨᠡᠨᠬᠦ ᠪᠠᠲᠤᠯᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠬᠤ ︽ᠬᠤᠯᠪᠣᠯᠲᠠ ᠶᠢᠨ ᠱᠤᠭᠤᠮ︾᠂ ᠠᠵᠢᠯ ᠤᠨ ᠰᠤᠷᠲᠠᠯ ᠢ ᠬᠤᠪᠢᠷᠠᠭᠤᠯᠬᠤ ︽ᠠᠬᠢᠭᠤᠯᠤᠭᠴᠢ︾᠂ ᠨᠡᠶᠢᠭᠡᠮ ᠤᠨ ᠵᠥᠷᠢᠴᠡᠯ ᠢ ᠨᠠᠮᠳᠠᠭᠤᠯᠬᠤ ︽ᠳᠠᠷᠤᠯᠲᠠ ᠶᠢ ᠪᠠᠭᠠᠰᠬᠠᠬᠤ ᠨᠡᠭᠡᠯᠡᠭᠡᠢ︾ ᠪᠣᠯᠭᠠᠬᠤ ᠬᠡᠷᠡᠭᠳᠡᠢ ᠬᠡᠵᠡᠢ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2