ᠵᠢᠨᠢᠩ ᠲᠣᠭᠤᠷᠢᠭ᠄ ᠲᠦᠷᠭᠡᠨ ᠬᠦᠷᠭᠡᠯᠲᠡ ᠶᠢ ᠲᠣᠰᠬᠤᠨ ᠳᠤ ᠬᠦᠷᠭᠡᠵᠦ ᠵᠣᠯ ᠵᠢᠷᠭᠠᠯ ᠢ ᠭᠡᠷ ᠲᠤᠨᠢ ︽ᠬᠦᠷᠭᠡᠨ᠎ᠡ︾
ᠨᠡᠶᠢᠲᠡᠯᠡᠭᠰᠡᠨ ᠴᠠᠭ᠄
2023/10/19
    ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠤ᠂ ᠥᠷᠭᠡᠨ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠵᠢᠨᠢᠩ ᠲᠣᠭᠤᠷᠢᠭ ᠤᠨ ᠬᠢᠨ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠰᠢᠶᠠᠩ ᠪᠠᠯᠭᠠᠰᠤᠨ ᠤ ᠲᠦᠷᠭᠡᠨ ᠬᠦᠷᠭᠡᠬᠦ ᠲᠣᠣᠷ ᠴᠡᠭ ᠢ ᠰᠠᠭᠠᠳ ᠦᠭᠡᠢ ᠨᠠᠪᠲᠠᠷᠡᠭᠦᠯᠵᠦ᠂ ︽ᠲᠦᠷᠭᠡᠨ ᠬᠦᠷᠬᠡᠯᠳᠡ ᠶᠢᠨ ᠬᠤᠭᠤᠷᠤᠨᠳᠤ ᠪᠠᠨ ᠬᠤᠷᠰᠢᠯᠴᠠᠬᠤ︾ ︽ᠲᠦᠷᠭᠡᠨ ᠬᠦᠷᠬᠡᠯᠳᠡ ᠬᠤᠳᠠᠯᠳᠤᠭ᠎ᠠ ᠬᠤᠷᠰᠢᠯᠴᠠᠬᠤ︾ ᠶᠢᠨ ᠠᠷᠭ᠎ᠠ ᠵᠠᠮ ᠢ ᠥᠷᠭᠡᠳᠬᠡᠵᠦ᠂ ︽ᠨᠢᠭᠡ ᠰᠢᠶᠠᠩ ᠨᠢᠭᠡ ᠪᠠᠯᠭᠠᠰᠤ︾ ᠶᠢᠨ ᠡᠯ᠎ᠡ ᠵᠠᠰᠠᠭ ᠵᠠᠬᠢᠷᠭᠠᠨ ᠤ ᠲᠣᠰᠬᠤᠨ ᠳᠤ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠭᠠᠷᠭᠠᠵᠤ᠂ ᠬᠦᠷᠭᠡᠯᠲᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠥᠩᠭᠡᠷᠡᠭᠰᠡᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠭ᠎ᠠ᠂ ᠲᠣᠬᠢᠷᠠᠭᠤᠯᠤᠨ ᠬᠦᠷᠭᠡᠬᠦ ᠥᠪᠡᠷ ᠤᠨ ᠥᠷᠲᠡᠭ ᠥᠨᠳᠥᠷ ᠪᠣᠯᠬᠤᠷ ᠲᠣᠰᠬᠤᠨ ᠳᠤ ᠣᠷᠣᠬᠤ ᠳᠤᠷ᠎ᠠ ᠦᠭᠡᠢ ᠪᠠᠶᠢᠭᠰᠠᠨ ᠠᠰᠠᠭᠤᠳᠠᠯ ᠢ ᠪᠦᠲᠦᠮᠵᠢᠲᠡᠶ ᠬᠤᠪᠢᠷᠠᠭᠤᠯᠵᠤ᠂ ᠰᠢᠶᠠᠩ ᠪᠠᠯᠭᠠᠰᠤᠨ ᠳᠤ ᠲᠣᠣᠷ ᠴᠡᠭ ᠲᠠᠢ ᠂ ᠲᠣᠰᠬᠤᠨ ᠪᠣᠯᠭᠠᠨ ᠳᠤ ᠦᠢᠯᠡᠴᠢᠯᠡᠭᠡ ᠲᠠᠢ ᠪᠠᠶᠢᠬᠤ ᠶᠢ ᠪᠡᠶᠡᠯᠡᠭᠦᠯᠦᠨ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠣᠷ ᠰᠦᠯᠵᠢᠶ᠎ᠡ ᠶᠢᠨ ᠵᠠᠩᠭᠢᠯᠠᠭ᠎ᠠ ᠶᠢᠨ ᠴᠡᠭ ᠪᠦᠷᠢᠨ ᠪᠤᠰᠤ᠂ ᠪᠠᠶᠢᠷᠢᠰᠢᠭᠤᠯᠤᠯ ᠵᠦᠢ ᠵᠣᠬᠢᠰ ᠦᠭᠡᠢ᠂ ᠡᠬᠢ ᠪᠠᠶᠠᠯᠢᠭ ᠲᠥᠪᠯᠡᠷᠡᠩᠭᠦᠢ ᠪᠤᠰᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 10 ᠰᠠᠷ᠎ᠠ ᠶᠢᠨ ᠳᠤᠮᠳᠠᠴᠢ ᠪᠣᠯᠲᠠᠯ᠎ᠠ᠂ ᠨᠢᠭᠡᠨᠲᠡ ᠱᠧᠨ ᠲᠦᠩ᠂ ᠵᠢᠢ ᠲᠤ᠂ ᠵᠥᠩ ᠲᠦᠩ ᠵᠡᠷᠭᠡ 5 ᠲᠦᠷᠭᠡᠨ ᠬᠦᠷᠭᠡᠯᠲᠡ ᠶᠢᠨ ᠺᠣᠮᠫᠠᠨᠢ ᠲᠠᠢ ᠵᠣᠯᠭᠠᠭᠤᠯᠵᠤ᠂ ︽ᠨᠢᠭᠡ ᠰᠢᠶᠠᠩ ᠨᠢᠭᠡ ᠪᠠᠯᠭᠠᠰᠤ︾ ᠶᠢᠨ 25 ᠵᠠᠰᠠᠭ ᠵᠠᠬᠢᠷᠭᠠᠨ ᠤ ᠲᠣᠰᠬᠤᠨ ᠳᠤ 25 ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠭᠠᠷᠭᠠᠵᠤ᠂ ᠲᠣᠰᠬᠤᠨ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠳᠤ ᠲᠥᠬᠦᠮ ᠦᠵᠡᠭᠦᠯᠦᠨ᠂ ᠲᠣᠰᠬᠤᠨ ᠤ ᠠᠷᠠᠳ ᠢ ᠳᠤᠲᠠᠭᠤ ᠭᠦᠶᠦᠯᠭᠡᠵᠦ᠂ ᠦᠢᠯᠡᠴᠢᠯᠡᠭᠡ ᠶᠢ ᠢᠯᠡᠭᠦᠦ ᠭᠦᠶᠦᠯᠭᠡᠬᠦ ᠶᠢ ᠪᠡᠶᠡᠯᠡᠭᠦᠯᠵᠦ᠂ ᠲᠦᠷᠭᠡᠨ ᠬᠦᠷᠭᠡᠯᠲᠡ ᠶᠢ ᠦᠨᠡᠨᠬᠦ ᠲᠦᠷᠭᠡᠳᠬᠡᠭᠰᠡᠨ ᠪᠠᠶᠢᠨ᠎ᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2