ᠰᠦᠢ ᠸᠧᠢ ᠵᠢᠶᠦ᠋ᠨ ᠰᠢᠩ ᠾᠧ ᠰᠢᠶᠠᠨ ᠳᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠬᠤ ᠲᠤᠬᠠᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/20
   10 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠰᠢᠩ ᠾᠧ ᠰᠢᠶᠠᠨ ᠳᠤ ᠭᠦᠨᠵᠡᠭᠡᠶᠢᠷᠡᠨ ᠲᠥᠯᠥᠭᠡᠯᠡᠭᠴᠢ ᠭᠡᠰᠢᠭᠦᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠢ ᠪᠠᠶᠢᠴᠠᠭᠠᠨ ᠰᠤᠳᠤᠯᠪᠠ᠃    ᠰᠦᠢ ᠸᠧᠢ ᠵᠢᠶᠦ᠋ᠨ ᠤᠷᠢᠳ ᠬᠤᠵᠢᠳ ᠰᠢᠶᠠᠨ᠂ ᠰᠢᠶᠠᠩ᠂ ᠨᠡᠶᠢᠭᠡᠮ ᠲᠣᠭᠤᠷᠢᠭ ᠵᠢᠴᠢ ᠵᠠᠬᠢᠳᠠᠯ ᠰᠣᠷᠪᠤᠯᠵᠢᠯᠠᠭ᠎ᠠ ᠶᠢᠨ ᠶᠡᠭᠡ ᠲᠢᠩᠬᠢᠮ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠭᠡᠷ ᠲᠤ ᠬᠦᠷᠴᠦ᠂ ᠬᠤᠯᠪᠣᠭ᠎ᠠ ᠠᠪᠬᠤ ᠠᠯᠪᠠᠨ ᠭᠡᠷ᠂ ᠬᠤᠯᠪᠣᠭ᠎ᠠ ᠠᠪᠬᠤ ᠲᠠᠰᠤᠭ᠂ ᠬᠤᠯᠪᠣᠭ᠎ᠠ ᠠᠪᠬᠤ ᠦᠷᠳᠡᠭᠡ ᠶᠢᠨ ᠪᠦᠲᠦᠭᠡᠨ ᠪᠠᠶᠢᠭᠤᠯᠤᠯᠲᠠ ᠠᠵᠢᠯᠯᠠᠭ᠎ᠠ ᠪᠣᠯᠣᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠬᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠰᠦᠢ ᠸᠧᠢ ᠵᠢᠶᠦ᠋ᠨ᠂ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯ ᠴᠥᠮ ᠡᠯ᠎ᠡ ᠠᠵᠢᠯ ᠲᠦᠷᠦᠯ ᠡᠯ᠎ᠡ ᠬᠦᠷᠢᠶᠡᠨ ᠤ ᠰᠢᠯᠢᠳᠡᠭ ᠲᠥᠯᠥᠭᠡᠯᠡᠭᠴᠢ ᠮᠥᠨ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠤᠯᠠᠨ ᠲᠦᠮᠡᠨ ᠲᠠᠢ ᠨᠡᠪᠲᠡᠷᠡᠯᠴᠡᠬᠦ ᠬᠥᠭᠦᠷᠭᠡ ᠬᠤᠯᠪᠣᠭᠠᠰᠤ ᠮᠥᠨ᠂ ᠲᠥᠯᠥᠭᠡᠯᠡᠭᠴᠢ ᠭᠡᠰᠢᠭᠦᠨ ᠤ ᠦᠢᠯᠡᠳᠦᠯ ᠢ ᠰᠠᠶᠢᠲᠤᠷ ᠪᠠᠳᠠᠷᠠᠭᠤᠯᠬᠤ ᠨᠢ ᠲᠤᠶᠢᠯ ᠤᠨ ᠴᠢᠬᠤᠯᠠ ᠶᠤᠮ᠃ ᠲᠣᠭᠲᠠᠴᠠ ᠪᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠠᠶᠢᠨ ᠳᠦᠷᠢᠮ ᠲᠣᠭᠲᠠᠴᠠ ᠪᠠᠷ ᠳᠠᠮᠵᠢᠭᠤᠯᠤᠨ ᠠᠵᠢᠯ ᠤᠨ ᠰᠢᠰᠲ᠋ᠧᠮ ᠢ ᠪᠦᠷᠢᠨᠰᠢᠭᠦᠯᠵᠦ᠂ ᠲᠥᠯᠥᠭᠡᠯᠡᠭᠴᠢ ᠭᠡᠰᠢᠭᠦᠳ ᠤᠨ ᠢᠳᠡᠪᠬᠢᠵᠢᠯ ᠢ ᠲᠠᠶᠢᠴᠢᠯᠠᠵᠤ᠂ ᠲᠥᠯᠥᠭᠡᠯᠡᠭᠴᠢ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠵᠣᠷᠢᠭᠵᠢᠭᠤᠯᠵᠤ᠂ ︽ᠪᠦᠬᠦᠯᠢ ᠡᠳᠦᠷ︾ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠣᠶᠢᠷᠠᠲᠤᠵᠤ᠂ ᠬᠠᠮᠤᠭ ᠤᠨ ᠦᠨᠡᠨ ᠪᠣᠳᠠᠲᠠᠢ ᠪᠠᠶᠢᠳᠠᠯ ᠢ ᠲᠣᠳᠣᠷᠬᠠᠢ ᠣᠶᠢᠯᠠᠭᠠᠵᠤ᠂ ᠬᠠᠮᠤᠭ ᠤᠨ ᠴᠢᠩᠭ᠎ᠠ ᠠᠷᠠᠳ ᠤᠨ ᠰᠠᠨᠠᠭ᠎ᠠ ᠶᠢ ᠴᠤᠭᠯᠠᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠰᠢᠯᠤᠭᠤᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠭᠡᠷ ᠢ ᠦᠨᠡᠨᠬᠦ ᠲᠥᠯᠥᠭᠡᠯᠡᠭᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠢᠭᠰᠠᠭᠠᠯ ᠤᠨ ᠭᠠᠵᠠᠷ᠂ ᠤᠯᠠᠨ ᠲᠦᠮᠡᠨ ᠲᠠᠢ ᠬᠠᠷᠢᠯᠴᠠᠬᠤ ᠦᠢᠯᠡᠴᠢᠯᠡᠭᠡᠨ ᠤ ᠴᠣᠩᠬᠤ ᠪᠣᠯᠭᠠᠨ ᠪᠠᠶᠢᠭᠤᠯᠬᠤ ᠬᠡᠷᠡᠭᠲᠡᠢ᠃ ᠪᠦᠬᠦ ᠬᠤᠳᠠ ᠶᠢᠨ ᠡᠯ᠎ᠡ ᠱᠠᠲᠤᠨ ᠤ ᠲᠥᠯᠥᠭᠡᠯᠡᠭᠴᠢ ᠭᠡᠰᠢᠭᠦᠳ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠠᠵᠢᠯ᠂ ᠴᠢᠬᠤᠯᠠ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠡᠨ᠎ᠡ ᠪᠠᠷ ᠥᠨᠳᠥᠷ ᠠᠷᠭᠠᠴᠠᠬᠤ ᠪᠣᠳᠣᠯᠭ᠎ᠠ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠰᠠᠨᠠᠭᠠᠴᠢᠯᠠᠭ᠎ᠠ ᠠᠴᠠ ᠪᠠᠨ ᠳᠠᠪᠠᠭᠤᠯᠢᠭ ᠢᠶᠠᠨ ᠪᠠᠳᠠᠷᠠᠭᠤᠯᠵᠤ᠂ ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠵᠦ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠪᠦᠬᠦ ᠬᠤᠳᠠ ᠶᠢᠨ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠨᠡᠩ ᠰᠠᠶᠢᠨ ᠬᠦᠴᠦ ᠨᠡᠮᠡᠷᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠴᠢᠶᠣᠤ ᠶᠦᠨ ᠯᠢ᠂ ᠯᠢᠦ ᠭᠦᠸᠧ ᠭᠠᠩ ᠣᠷᠣᠯᠴᠠᠵᠠᠢ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2