ᠹᠧᠩᠵᠧᠨ ᠬᠤᠲᠠ ᠶᠢᠨ 1—9 ᠰᠠᠷ᠎ᠠ ᠶᠢᠨ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2023/10/20
    ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠹᠧᠩᠵᠧᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠤ ᠵᠤᠪᠠᠨᠢᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠ ᠶᠢ ᠪᠠᠲᠤᠯᠠᠬᠤ︾ ᠪᠡᠯᠡ ᠮᠥᠩᠭᠦ ᠶᠢᠨ ᠬᠡᠷᠡᠭᠴᠡᠭᠡ ᠶᠢ ᠡᠷᠡᠰ ᠪᠠᠲᠤᠯᠠᠵᠤ᠂ ᠡᠳ᠋ ᠤᠨ ᠵᠠᠰᠠᠭ ᠤᠨ ᠠᠵᠢᠯ ᠳᠤ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠨᠡᠩ ᠰᠠᠶᠢᠨ ᠬᠠᠷᠠᠭᠤᠯᠪᠠ᠃     2023 ᠣᠨ ᠳᠤ᠂ ᠹᠧᠩᠵᠧᠨ ᠬᠤᠲᠠ ᠶᠢᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 20.59 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠪᠠ᠂ ᠡᠭᠦᠨ ᠳᠤ ︽ᠭᠤᠷᠪᠠ ᠶᠢ ᠪᠠᠲᠤᠯᠠᠬᠤ︾ ᠵᠠᠷᠤᠯᠭ᠎ᠠ ᠶᠢ 17.61 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ ᠪᠦᠬᠦ ᠵᠠᠷᠤᠯᠭ᠎ᠠ ᠶᠢᠨ 85.5% ᠶᠢ ᠡᠵᠡᠯᠡᠭᠦᠯᠵᠡᠢ ︵ᠡᠭᠦᠨ ᠳᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠳᠤ 3.87 ᠳ᠋ᠦᠩᠰᠢᠭᠤᠷ ᠲᠥᠭᠦᠷᠢᠭ᠂ ᠴᠠᠯᠢᠩ ᠢ ᠪᠠᠲᠤᠯᠠᠬᠤ ᠳᠤ 12.42 ᠳ᠋ᠦᠩᠰᠢᠭᠤᠷ ᠲᠥᠭᠦᠷᠢᠭ᠂ ᠡᠷᠬᠢᠯᠳᠡ ᠶᠢ ᠪᠠᠲᠤᠯᠠᠬᠤ ᠳᠤ 1.32 ᠳ᠋ᠦᠩᠰᠢᠭᠤᠷ ᠲᠥᠭᠦᠷᠢᠭ︶᠃ 9 ᠰᠠᠷ᠎ᠠ ᠶᠢᠨ ᠰᠡᠭᠦᠯᠴᠢ ᠪᠣᠯᠲᠠᠯ᠎ᠠ᠂ ᠹᠧᠩᠵᠧᠨ ᠬᠤᠲᠠ ᠶᠢᠨ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ 15.15 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 72.77% ᠶᠢ ᠡᠵᠡᠯᠡᠪᠡ᠂ ᠡᠭᠦᠨ ᠳᠤ ᠠᠷᠠᠳ ᠤᠨ ᠦᠨᠳᠦᠰᠦᠨ ᠠᠮᠢᠳᠤᠷᠠᠯ ᠤᠨ ᠵᠠᠷᠤᠯᠭ᠎ᠠ 6.74 ᠳ᠋ᠦᠩᠰᠢᠭᠤᠷ ᠲᠥᠭᠦᠷᠢᠭ᠂ ᠴᠠᠯᠢᠩ ᠤᠨ ᠵᠠᠷᠤᠯᠭ᠎ᠠ 7.69 ᠳ᠋ᠦᠩᠰᠢᠭᠤᠷ ᠲᠥᠭᠦᠷᠢᠭ᠂ ᠪᠠᠶᠢᠭᠤᠯᠭ᠎ᠠ ᠶᠢᠨ ᠠᠵᠢᠯᠯᠠᠭᠠᠨ ᠤ ᠵᠠᠷᠤᠯᠭ᠎ᠠ 0.72 ᠳ᠋ᠦᠩᠰᠢᠭᠤᠷ ᠲᠥᠭᠦᠷᠢᠭ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠬᠥᠮᠥᠷᠭᠡ ᠶᠢᠨ ᠵᠣᠭᠤᠰ ᠢ ᠲᠣᠬᠢᠷᠠᠭᠤᠯᠬᠤ ᠲᠠᠯ᠎ᠠ ᠪᠠᠷ ᠬᠢ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ ᠶᠢᠨ ᠤᠷᠢᠳ ᠢᠶᠠᠷ ᠬᠢᠬᠦ ᠲᠠᠰ ᠳᠠᠷᠠᠭᠠᠯᠠᠯ ᠢ ᠦᠷᠭᠦᠯᠵᠢᠯᠡᠨ ᠪᠠᠷᠢᠮᠲᠠᠯᠠᠵᠤ᠂ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ ᠶᠢᠨ ᠬᠤᠷᠢᠭ᠎ᠠ ᠱᠤᠭᠤᠮ ᠢ ᠪᠠᠲᠤᠲᠠᠢ ᠪᠠᠲᠤᠯᠠᠬᠤ ᠶᠢ ᠡᠳ᠋ ᠤᠨ ᠵᠠᠰᠠᠭ ᠤᠨ ᠪᠡᠯᠡ ᠮᠥᠩᠭᠦ ᠶᠢ ᠲᠣᠬᠢᠷᠠᠭᠤᠯᠬᠤ ᠦᠨᠳᠦᠰᠦᠨ ᠵᠠᠷᠴᠢᠮ ᠪᠣᠯᠭᠠᠵᠤ᠂ ᠤᠯᠤᠰ ᠠᠴᠠ ᠲᠣᠭᠲᠠᠭᠠᠭᠰᠠᠨ ᠴᠠᠯᠢᠩ ᠤᠨ ᠲᠥᠷᠥ ᠶᠢᠨ ᠪᠣᠳᠣᠯᠭ᠎ᠠ᠂ ᠦᠨᠳᠦᠰᠦᠨ ᠠᠷᠠᠳ ᠤᠨ ᠠᠮᠢᠳᠤᠷᠠᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2