ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠡ
ᠨᠡᠶᠢᠲᠡᠯᠡᠭᠰᠡᠨ ᠴᠠᠭ᠄
2023/10/23
    10 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠢᠴᠢ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠴᠠᠪ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠳᠦᠷᠢᠮ ︵ᠲᠥᠰᠥᠯ︶︾ ᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠰᠤᠷᠤᠯᠴᠠᠨ ᠨᠡᠪᠲᠡᠷᠬᠡᠢ ᠣᠶᠢᠯᠠᠭᠠᠵᠤ᠂ ︽ᠰᠠᠨᠠᠯ︾  ᠳᠤ ᠳᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠨᠢᠭᠡᠪᠦᠷᠢ ᠶᠢ ᠭᠦᠨᠵᠡᠭᠡᠢ ᠨᠠᠷᠢᠨ ᠰᠤᠳᠤᠯᠵᠤ᠂ ᠭᠤᠣᠯᠳᠠᠯᠭ᠎ᠠ ᠲᠠᠢ ᠠᠵᠢᠯ ᠤᠨ ᠨᠠᠷᠢᠨ ᠲᠠᠩᠰᠠ ᠪᠣᠯᠣᠨ ᠴᠢᠬᠤᠯᠠ ᠶᠡᠭᠡ ᠲᠦᠷᠦᠯ ᠵᠦᠢᠯ ᠤᠨ ᠨᠠᠷᠢᠨ ᠲᠠᠩᠰᠠ ᠶᠢ ᠱᠠᠯᠠᠪᠳᠠᠨ ᠵᠢᠭᠰᠠᠭᠠᠵᠤ᠂ ᠡᠷᠴᠢ ᠵᠣᠷᠢᠭ ᠢᠶᠠᠨ ᠬᠥᠪᠴᠢᠯᠡᠵᠦ᠂ ᠬᠠᠲᠠᠭᠤᠵᠢᠯᠲᠠᠢ ᠠᠵᠢᠯᠯᠠᠨ ᠪᠣᠳᠠᠲᠠᠢ ᠠᠵᠢᠯᠯᠠᠵᠤ᠂ ᠬᠠᠷᠠᠯᠲᠠ ᠡᠭᠦᠷᠭᠡ ᠲᠣᠳᠣᠷᠬᠠᠢ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠳᠡᠭᠡᠭᠰᠢ ᠣᠯᠣᠯᠴᠠᠨ ᠵᠣᠯᠭᠠᠯᠴᠠᠵᠤ᠂ ᠲᠦᠷᠦ ᠶᠢᠨ ᠪᠣᠳᠣᠯᠭ᠎ᠠ᠂ ᠲᠦᠷᠦᠯ ᠵᠦᠢᠯ᠂ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠦᠷᠦ ᠶᠢᠨ ᠪᠣᠳᠣᠯᠭ᠎ᠠ ᠶᠢᠨ ᠠᠰᠢᠭ ᠢ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2