10 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ 2023 ᠣᠨ ᠤ 20 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠢᠴᠢ ᠪᠥᠬᠦ | ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ︽ᠤᠯᠠᠭᠠᠨᠴᠠᠪ ᠬᠤᠲᠠ ᠶᠢᠨ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠬᠠᠮᠢᠶᠠᠷᠬᠤ ᠳᠦᠷᠢᠮ ︵ᠲᠥᠰᠥᠯ︶︾ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ︽ᠰᠠᠨᠠᠯ︾ | ᠳᠤ ᠳᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠨᠢᠭᠡᠪᠦᠷᠢ ᠶᠢ ᠭᠦᠨᠵᠡᠭᠡᠢ ᠨᠠᠷᠢᠨ ᠰᠤᠳᠤᠯᠵᠤ᠂ ᠭᠤᠣᠯᠳᠠᠯᠭ᠎ᠠ ᠲᠠᠢ | ᠠᠵᠢᠯ ᠤᠨ ᠨᠠᠷᠢᠨ ᠲᠠᠩᠰᠠ ᠪᠣᠯᠣᠨ ᠴᠢᠬᠤᠯᠠ ᠶᠡᠭᠡ ᠲᠦᠷᠦᠯ ᠵᠦᠢᠯ ᠤᠨ ᠨᠠᠷᠢᠨ ᠲᠠᠩᠰᠠ ᠶᠢ ᠱᠠᠯᠠᠪᠳᠠᠨ | ᠵᠢᠭᠰᠠᠭᠠᠵᠤ᠂ ᠡᠷᠴᠢ ᠵᠣᠷᠢᠭ ᠢᠶᠠᠨ ᠬᠥᠪᠴᠢᠯᠡᠵᠦ᠂ ᠬᠠᠲᠠᠭᠤᠵᠢᠯᠲᠠᠢ ᠴᠢᠷᠮᠠᠶᠢᠵᠤ ᠪᠣᠳᠠᠲᠠᠢ ᠠᠵᠢᠯᠯᠠᠵᠤ᠂ ᠬᠠᠷᠠᠯᠲᠠ | ᠲᠣᠳᠣᠷᠬᠠᠢ᠂ ᠡᠭᠦᠷᠭᠡ ᠲᠣᠳᠣᠷᠬᠠᠢ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠷ᠎ᠡ ᠪᠦᠲᠦᠮᠵᠢ ᠭᠠᠷᠭᠠᠬᠤ | ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠳᠡᠭᠡᠭᠰᠢ ᠨᠡᠪᠲᠡᠷᠡᠯᠴᠡᠨ ᠵᠣᠯᠭᠠᠭᠤᠯᠵᠤ᠂ ᠲᠥᠷᠥ ᠶᠢᠨ ᠪᠣᠳᠣᠯᠭ᠎ᠠ᠂ ᠲᠥᠷᠥᠯ | ᠵᠦᠢᠯ᠂ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠲᠥᠷᠥ ᠶᠢᠨ ᠪᠣᠳᠣᠯᠭ᠎ᠠ ᠶᠢᠨ ᠠᠰᠢᠭ | ᠣᠯᠵᠠᠪᠤᠷᠢ ᠶᠢ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | |