ᠹᠧᠩᠵᠧᠨ ᠬᠤᠲᠠ ᠶᠢᠨ 1—9 ᠰᠠᠷ᠎ᠠ ᠶᠢᠨ ᠰᠢᠭᠤᠳ ᠬᠦᠷᠬᠦ ᠪᠡᠯᠡ ᠮᠥᠩᠭᠦᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2023/10/23
    ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠬᠦ ᠲᠣᠭᠲᠠᠴᠠ ᠶᠢᠨ ᠠᠵᠢᠯ ᠢ ᠦᠨᠡᠨᠬᠦ ᠰᠠᠶᠢᠲᠤᠷ ᠬᠢᠵᠦ ᠂ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠰᠢᠭᠤᠳ ᠬᠦᠷᠬᠦ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠪᠠᠳᠠᠷᠠᠭᠤᠯᠬᠤ ᠶᠢᠨ ᠲᠦᠯᠦᠬᠡ᠂ ᠹᠧᠩᠵᠧᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠠᠯᠠᠭ᠎ᠠ ᠮᠥᠴᠢᠷ ᠪᠣᠯᠣᠨ ᠪᠡᠯᠡ ᠮᠥᠩᠭᠦ ᠬᠡᠷᠡᠭᠯᠡᠬᠦ ᠨᠢᠭᠡᠴᠡ ᠲᠠᠢ ᠢᠳᠡᠪᠬᠢᠲᠡᠢ ᠬᠠᠮᠵᠢᠯᠴᠠᠨ᠂ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠭᠤᠳ ᠬᠦᠷᠬᠦ ᠪᠡᠯᠡ ᠮᠥᠩᠭᠦ ᠶᠢ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠵᠦ᠂ ᠰᠢᠭᠤᠳ ᠬᠦᠷᠬᠦ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃     9 ᠰᠠᠷ᠎ᠠ ᠶᠢᠨ ᠰᠡᠭᠦᠯᠴᠢ ᠪᠣᠯᠲᠠᠯ᠎ᠠ᠂ ᠹᠧᠩᠵᠧᠨ ᠬᠤᠲᠠ ᠰᠢᠭᠤᠳ ᠬᠦᠷᠬᠦ ᠪᠡᠯᠡ ᠮᠥᠩᠭᠦ 76293.52 ᠲᠦᠮᠡᠨ ᠲᠥᠭᠦᠷᠢᠭ ᠬᠤᠷᠢᠶᠠᠨ ᠣᠯᠵᠠᠢ᠂ ᠡᠭᠦᠨ ᠳᠤ᠂ ᠡᠩ ᠤᠨ ᠰᠢᠯᠵᠢᠭᠦᠯᠦᠨ ᠥᠭᠬᠦ ᠪᠡᠯᠡ ᠮᠥᠩᠭᠦ 25082 ᠲᠦᠮᠡᠨ ᠲᠥᠭᠦᠷᠢᠭ᠂ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠰᠢᠯᠵᠢᠭᠦᠯᠦᠨ ᠥᠭᠬᠦ ᠪᠡᠯᠡ ᠮᠥᠩᠭᠦ 49695.52 ᠲᠦᠮᠡᠨ ᠲᠥᠭᠦᠷᠢᠭ᠂ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠵᠡᠷᠭᠡ ᠲᠤᠰᠬᠠᠢ ᠵᠦᠢᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢ ᠳᠡᠮᠵᠢᠬᠦ 1516 ᠲᠦᠮᠡᠨ ᠲᠥᠭᠦᠷᠢᠭ ᠪᠠᠶᠢᠵᠤ᠂ ᠨᠢᠭᠡᠨᠲᠡ ᠪᠦᠬᠦᠨ ᠢ ᠬᠠᠮᠢᠶ᠎ᠠ ᠪᠦᠬᠦᠢ ᠲᠠᠰ ᠳᠠᠷᠠᠭᠠᠯᠠᠯ ᠢᠶᠠᠷ ᠬᠤᠪᠢᠶᠠᠷᠢᠯᠠᠨ ᠪᠠᠭᠤᠯᠭᠠᠵᠤ᠂ ᠬᠤᠪᠢᠶᠠᠷᠢᠯᠠᠭᠰᠠᠨ ᠬᠠᠷᠢᠴᠠᠯ ᠨᠢ 100% ᠳᠤ ᠬᠦᠷᠴᠡᠢ᠃     9 ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 56803.08 ᠲᠦᠮᠡᠨ ᠲᠥᠭᠦᠷᠢᠭ ᠤᠨ ᠰᠢᠭᠤᠳ ᠪᠡᠯᠡ ᠮᠥᠩᠭᠦ ᠵᠠᠷᠤᠴᠠᠭᠤᠯᠵᠤ᠂ ᠶᠡᠷᠦᠩᠬᠡᠢ ᠭᠦᠢᠴᠡᠳᠬᠡᠯ ᠲᠤᠭ᠎ᠠ ᠶᠢᠨ 74.5% ᠶᠢ ᠡᠵᠡᠯᠡᠪᠡ᠂ ᠵᠠᠷᠤᠯᠭ᠎ᠠ ᠶᠢ ᠭᠤᠣᠯᠳᠠᠭᠤ ᠣᠷᠣᠯᠭ᠎ᠠ ᠪᠠᠭᠠᠲᠠᠢ ᠬᠠᠮᠲᠤᠯᠢᠭ ᠤᠨ ᠦᠨᠳᠦᠰᠦᠨ ᠠᠮᠢᠳᠤᠷᠠᠯ᠂ ᠠᠵᠢᠯ ᠣᠯᠭᠤᠯᠲᠠ᠂ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ᠂ ᠡᠮ ᠡᠮᠨᠡᠯᠭᠡ ᠵᠢᠴᠢ ᠪᠠᠶᠢᠭᠤᠯᠤᠯᠭ᠎ᠠ ᠶᠢᠨ ᠨᠠᠰᠤᠵᠢᠯ ᠤᠨ ᠠᠰᠠᠷᠠᠮᠵᠢ᠂ ᠺᠠᠳ᠋ᠷ ᠠᠵᠢᠯᠲᠠᠨ ᠠᠵᠢᠯᠴᠢᠨ ᠤ ᠨᠡᠮᠡᠭᠦᠷᠢ ᠨᠥᠬᠦᠪᠦᠷᠢ ᠵᠡᠷᠭᠡ ᠶᠢ ᠪᠠᠲᠤᠯᠠᠬᠤ ᠳᠤ ᠬᠡᠷᠡᠭᠯᠡᠨ᠎ᠡ᠃ ᠣᠳᠣᠬᠠᠨ ᠳᠤ ᠡᠯ᠎ᠡ ᠵᠦᠢᠯ ᠤᠨ ᠵᠠᠷᠤᠯᠭ᠎ᠠ ᠶᠢ ᠴᠥᠮ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠭᠤᠳ ᠬᠦᠷᠬᠦ ᠪᠡᠯᠡ ᠮᠥᠩᠭᠦᠨ ᠤ ᠬᠢᠨᠠᠨ ᠡᠵᠡᠮᠳᠡᠬᠦ ᠰᠢᠰᠲ᠋ᠧᠮ ᠳᠤ ᠣᠷᠣᠭᠤᠯᠤᠭᠰᠠᠨ ᠪᠠᠶᠢᠨ᠎ᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2